3 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠡᠷᠦᠩᠬᠡᠶ ᠠᠩᠭᠢ ᠶᠢᠨ ᠳᠠᠷᠤᠭ᠎ᠠ ᠰᠥᠩ ᠰᠢ ᠳ᠋ᠦᠩ᠂ ᠦᠬᠠᠶ ᠱᠸᠡᠨ ᠮᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠳᠤ ᠺᠣᠮᠫᠠᠨᠢ ᠶᠢᠨ ᠳᠠᠭᠠᠭᠠᠮᠠᠯ ᠭᠤᠣ ᠯᠢ ᠪᠥᠸᠧ ᠲᠠᠢ ᠬᠠᠮᠲᠤ ᠲᠠᠩᠰᠠ ᠡᠪᠬᠡᠮᠡᠯ | ᠪᠠᠶᠢᠭᠤᠯᠤᠨ ᠺᠠᠷᠲᠯᠠᠭᠰᠠᠨ ᠭᠤᠤ ᠵᠢᠶᠧ ᠶᠢᠨ ᠬᠡᠷ ᠲᠤ ᠬᠦᠷᠴᠦ᠂ ᠭᠤᠤ ᠵᠢᠶᠧ᠂ ᠯᠢᠨ ᠵᠢᠶᠧ ᠬᠤᠶᠠᠷ ᠬᠡᠤᠬᠡᠳ ᠲᠤ | 3000 ᠲᠥᠭᠦᠷᠢᠭ ᠤᠨ ᠰᠤᠷᠤᠯᠭ᠎ᠠ ᠶᠢ ᠲᠡᠳᠬᠦᠬᠦ ᠲᠣᠬᠤᠨᠢᠭᠤᠯᠬᠤ ᠮᠥᠩᠭᠦ ᠬᠦᠷᠭᠡᠬᠦ ᠶᠢᠨ ᠬᠠᠮᠲᠤ ᠣᠶᠢᠷ᠎ᠠ ᠶᠢᠨ | ᠬᠤᠭᠤᠴᠠᠭᠠᠨ ᠤ ᠠᠮᠢᠳᠤᠷᠠᠯ ᠪᠠ ᠰᠤᠷᠤᠯᠭ᠎ᠠ ᠶᠢᠨ ᠪᠠᠶᠢᠳᠠᠯ ᠢ ᠣᠶᠢᠯᠠᠭᠠᠵᠤ᠂ ᠬᠤᠶᠠᠷ ᠬᠡᠤᠬᠡᠳ ᠤᠨ ᠰᠠᠶᠢᠲᠤᠷ | ᠰᠤᠷᠤᠯᠴᠠᠬᠤ ᠶᠢ ᠵᠣᠷᠢᠭᠵᠢᠭᠤᠯᠪᠠ᠃ ᠬᠤᠶᠠᠷ ᠬᠡᠤᠬᠡᠳ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯᠲᠠᠨ ᠪᠣᠯᠤᠨ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠠᠳᠠᠭᠤ ᠶᠢ ᠲᠡᠳᠬᠦᠬᠦ ᠶᠡᠷᠦᠩᠬᠡᠶ ᠠᠩᠭᠢ ᠳᠤ ᠲᠠᠯᠠᠷᠬᠠᠵᠤ ᠪᠠᠶᠢᠬᠤ ᠪᠠᠨ | ᠢᠯᠡᠳᠬᠡᠭᠰᠡᠨ ᠪᠥᠭᠡᠳ ᠰᠠᠶᠢᠲᠤᠷ ᠰᠤᠷᠤᠯᠴᠠᠬᠤ ᠳᠠᠭᠠᠨ ᠣᠯᠠᠨ ᠤ ᠬᠠᠶᠢᠷ᠎ᠠ ᠬᠠᠯᠠᠮᠵᠢ ᠶᠢ ᠶᠠᠭᠠᠬᠢᠭᠰᠠᠨ ᠴᠤ | ᠬᠥᠰᠡᠷᠳᠡᠭᠦᠯᠬᠦ ᠥᠬᠡᠶ ᠭᠡᠵᠡᠶ᠃ | 2020 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠦᠰ ᠤᠨ ᠵᠢᠯ ᠪᠣᠯᠤᠨ᠎ᠠ᠂ | ᠪᠠᠶᠠᠨ ᠤᠰᠤ ᠲᠤᠰᠬᠤᠨ ᠤ ᠣᠳᠣᠬᠠᠨ ᠳᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠷᠲᠡᠵᠦ | ᠪᠠᠶᠢᠭ᠎ᠠ12 ᠡᠷᠦᠬᠡ 27 ᠬᠦᠮᠤᠨ ᠨᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠦᠷᠦ ᠶᠢᠨ | ᠪᠤᠳᠤᠯᠭ᠎ᠠ ᠶᠢᠨ ᠳᠡᠮᠵᠢᠯᠭᠡ᠂ ᠬᠠᠪᠰᠤᠷᠤᠨ ᠲᠡᠳᠬᠦᠬᠦ ᠨᠢᠭᠡᠴᠢ ᠶᠢᠨ ᠬᠠᠪᠰᠤᠷᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠬᠥᠮᠦᠰ ᠤᠨ ᠬᠠᠯᠠᠮᠵᠢᠯᠠᠯ ᠪᠣᠯᠤᠨ ᠥᠪᠡᠷ ᠤᠨ ᠴᠢᠷᠮᠠᠶᠢᠯᠭ᠎ᠠ ᠳᠤ | ᠲᠦᠰᠢᠭᠯᠡᠵᠦ᠂ ᠲᠡᠳᠡᠨ ᠤ ᠭᠡᠷ ᠪᠦᠯᠢ ᠶᠢᠨ ᠣᠷᠣᠯᠭ᠎ᠠ ᠤᠯᠠᠮ ᠠᠴᠠ ᠤᠯᠠᠮ ᠥᠨᠳᠥᠷ᠂ ᠤᠯᠠᠮ ᠠᠴᠠ ᠤᠯᠠᠮ | ᠲᠣᠭᠲᠠᠭᠤᠨ ᠢᠶᠠᠷ ᠪᠠᠶᠠᠵᠢᠬᠤ ᠢᠲᠡᠭᠡᠯ ᠨᠢ ᠴᠦ ᠨᠡᠩ ᠭᠦᠢᠴᠡᠳ ᠪᠣᠯᠤᠭᠰᠠᠨ ᠪᠠᠶᠢᠨ᠎ᠠ᠃ |