ᠸᠠᠩ ᠱᠥ ᠶᠠᠨ
ᠨᠡᠶᠢᠲᠡᠯᠡᠭᠰᠡᠨ ᠴᠠᠭ᠄
2020/8/23
    ᠸᠠᠩ ᠱᠤ᠋ ᠶᠠᠨ᠂ ᠡᠮᠡᠭᠲᠡᠢ᠂ ᠬᠢᠲᠠᠳ ᠦᠨᠳᠦᠰᠦᠲᠡᠨ᠂ 1977 ᠣᠨ ᠤ 1 ᠰᠠᠷ᠎ᠠ ᠳᠤ ᠲᠦᠷᠦᠵᠠᠢ᠂ 1999 ᠣᠨ ᠤ 7 ᠰᠠᠷ᠎ᠠ ᠳᠤ ᠠᠵᠢᠯ ᠳᠤ ᠣᠷᠣᠵᠤ᠂ 1998 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠠᠴᠠ ᠲᠡᠭᠦᠰᠴᠡᠢ᠂ ᠰᠤᠷᠭᠠᠨ ᠬᠥᠮᠦᠵᠢᠯ ᠤᠨ ᠮᠠᠰᠲ᠋ᠧᠷ᠂ ᠥᠪᠥᠷ ᠮᠣᠩᠭᠤᠯ ᠤᠨ ᠤᠯᠠᠭᠠᠨᠬᠠᠳᠠ ᠶᠢᠨ ᠬᠥᠮᠦᠨ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠤᠷᠢᠭ ᠤᠨ ᠣᠶᠤᠨ ᠤ ᠪᠣᠯᠪᠠᠰᠤᠨ ᠤ ᠠᠯᠪᠠᠨ ᠬᠡᠷ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠲᠣᠭᠤᠷᠢᠭ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠴᠤᠭᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号