ᠵᠠᠩ ᠯᠦ ᠫᠢᠩ
ᠨᠡᠶᠢᠲᠡᠯᠡᠭᠰᠡᠨ ᠴᠠᠭ᠄
2020/8/24
    ᠵᠠᠩ ᠯᠦ ᠫᠢᠩ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 1 ᠰᠠᠷ᠎ᠠ ᠳᠤ ᠲᠦᠷᠦᠵᠠᠢ᠂ 2008 ᠣᠨ ᠤ 10 ᠰᠠᠷ᠎ᠠ ᠳᠤ ᠠᠵᠢᠯ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠠᠷᠠᠭᠤᠨ ᠡᠮᠦᠨᠡᠲᠦ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠠᠴᠠ ᠲᠡᠭᠦᠰᠴᠡᠢ᠂ ᠲᠠᠷᠢᠶᠠᠯᠠᠩ ᠤᠨ ᠤᠬᠠᠭᠠᠨ ᠤ ᠣᠶᠤᠲᠠᠨ᠂ ᠱᠠᠨᠳᠦ᠋ᠩ ᠤᠨ ᠫᠢᠩᠳᠦᠩ ᠤᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠶᠢᠨ ᠠᠵᠤ ᠠᠬᠤᠶ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号