ᠵᠢᠶᠠ ᠶᠠᠨ ᠷᠦ
ᠨᠡᠶᠢᠲᠡᠯᠡᠭᠰᠡᠨ ᠴᠠᠭ᠄
2020/8/26
    ᠵᠢᠶᠠ ᠶᠠᠨ ᠷᠦ᠂ ᠡᠮᠡᠭᠲᠡᠢ᠂ ᠬᠢᠲᠠᠳ ᠦᠨᠳᠦᠰᠦᠲᠡᠨ᠂ 1985 ᠣᠨ ᠤ 7 ᠰᠠᠷ᠎ᠠ ᠳᠤ ᠲᠦᠷᠦᠵᠠᠢ᠂ 2008 ᠣᠨ ᠤ 9 ᠰᠠᠷ᠎ᠠ ᠳᠤ ᠠᠵᠢᠯ ᠳᠤ ᠣᠷᠣᠵᠤ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠠᠰᠲ᠋ᠧᠷ᠂ ᠥᠪᠥᠷ ᠮᠣᠩᠭᠤᠯ ᠤᠨ ᠹᠧᠩᠵᠧᠨ ᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠤ ᠠᠬᠤᠶᠢᠯᠠᠯ ᠤᠨ ᠠᠵᠢᠯᠲᠠᠨ ᠢ ᠪᠣᠯᠪᠠᠰᠤᠷᠠᠭᠤᠯᠬᠤ᠂ ᠠᠵᠢᠯᠴᠢᠨ ᠬᠡᠷᠡᠭᠯᠡᠬᠦ ᠶᠢ ᠣᠷᠣᠭᠤᠯᠤᠨ ᠠᠪᠴᠢᠷᠠᠬᠤ ᠲᠠᠪᠴᠠᠩ ᠵᠡᠷᠭᠡ ᠲᠠᠯ᠎ᠠ ᠶᠢᠨ ᠠᠵᠢᠯ ᠢ ᠲᠤᠰᠬᠠᠶ ᠬᠠᠷᠢᠭᠤᠴᠠᠨ᠎ᠠ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠡᠪᠯᠡᠯ ᠤᠨ ᠲᠣᠭᠤᠷᠢᠭ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号