ᠵᠦ ᠯᠢ ᠬᠤᠸᠠ
ᠨᠡᠶᠢᠲᠡᠯᠡᠭᠰᠡᠨ ᠴᠠᠭ᠄
2020/9/1
    ᠵᠦ ᠯᠢ ᠬᠤᠸᠠ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 10 ᠰᠠᠷ᠎ᠠ ᠳᠤ ᠳᠦᠷᠦᠵᠡᠶ᠂ 1999 ᠣᠨ ᠤ 12 ᠰᠠᠷ᠎ᠠ ᠳᠤ ᠠᠵᠢᠯ ᠳᠤ ᠣᠷᠣᠵᠤ᠂ 2003 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠂ ᠱᠠᠨᠳᠦ᠋ᠩ ᠤᠨ ᠸᠧᠶ ᠹᠠᠩ ᠤᠨ ᠬᠥᠮᠦᠨ᠂ ᠣᠲᠣ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠠᠷᠠᠯᠵᠢᠶ᠎ᠠ᠂ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ᠂ ᠠᠮᠢ ᠠᠬᠤᠶ ᠶᠢᠨ ᠣᠷᠴᠢᠨ ᠲᠣᠭᠤᠷᠢᠨ ︵ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠠᠴᠠ ᠭᠠᠳᠠᠨ᠎ᠠ︶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠤᠶᠠᠳᠤᠭᠠᠷ ᠳᠡᠰ ᠤᠨ ᠨᠢᠭᠡᠴᠡ ᠪᠠᠭᠲᠠᠨ᠎ᠠ︶ ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ     ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠬᠤᠲᠠ ᠶᠢᠨ ᠲᠥᠯᠥᠪᠵᠢᠭᠦᠯᠭᠡ ᠪᠠ ᠤᠯᠤᠰ ᠤᠨ ᠭᠠᠵᠠᠷ ᠰᠢᠷᠣᠶ ᠶᠢᠨ ᠬᠡᠰᠡᠭ︶᠂ ᠬᠠᠶᠢᠷᠤᠪ ᠤᠨ ᠲᠣᠬᠤᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ︵ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠠᠴᠠ ᠪᠤᠰᠤᠳ︶᠂ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号