ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠰᠣᠶᠣᠯ ᠤᠷᠠᠯᠢᠭ ᠤᠨ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠯ ᠳᠤ ᠨᠡᠷ᠎ᠡ ᠮᠡᠳᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2020/9/17
     ᠬᠠᠶᠢᠷᠤᠪ ᠤᠨ ᠲᠣᠬᠤᠢ ᠲᠣᠭᠤᠷᠢᠭ ᠤᠨ ︽ᠬᠤᠲᠠ ᠶᠢᠨ ᠠᠷᠠᠳ ᠤᠨ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠯ︾᠎ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ 2015 ᠣᠨ ᠳᠤ ᠡᠬᠢᠯᠡᠭᠰᠡᠨ ᠠᠴᠠ ᠨᠠᠰᠢ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠣᠯᠪᠠᠰᠤᠷᠠᠭᠤᠯᠤᠯ ᠤᠨ ᠲᠦᠷᠤᠯ ᠵᠦᠢᠯ ᠢ ᠪᠠᠶᠠᠯᠢᠭᠵᠢᠭᠤᠯᠵᠤ᠂ ᠬᠤᠲᠠ ᠶᠢᠨ ᠠᠷᠠᠳ ᠣᠯᠠᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠤᠨ ᠨᠥᠯᠥᠭᠡᠯᠡᠬᠦ ᠬᠦᠴᠦᠨ ᠢᠶᠠᠷ ᠬᠠᠮᠤᠭ ᠤᠨ ᠭᠦᠨ᠂ ᠬᠡᠪᠴᠢᠶ᠎ᠡ ᠪᠠᠷ ᠬᠠᠮᠤᠭ ᠤᠨ ᠶᠡᠭᠡ᠂ ᠨᠦᠯᠤᠭᠡᠯᠡᠬᠦ ᠬᠡᠪᠴᠢᠶ᠎ᠡ ᠪᠠᠷ ᠬᠠᠮᠤᠭ ᠤᠨ ᠥᠷᠭᠡᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠨᠠᠷᠠᠲᠤ ᠲᠥᠷᠥᠯ ᠲᠡᠮᠳᠡᠭ ᠤᠨ ᠲᠥᠷᠥᠯ ᠵᠤᠶᠢᠯ ᠪᠣᠯᠤᠨ᠎ᠠ︔ 2018 ᠤᠨ ᠤ 8 ᠰᠠᠷ᠎ᠠ ᠳᠤ ︽ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠰᠣᠶᠣᠯ ᠤᠷᠠᠯᠢᠭ ᠤᠨ《ᠰᠤᠷᠭᠠᠭᠤᠯᠢ︾ ᠪᠣᠯᠵᠤ᠂ ᠨᠠᠩ ᠬᠡᠷᠡᠭᠯᠡᠭᠡᠨ ᠤ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠᠷ ᠥᠷᠭᠡᠨ ᠣᠯᠠᠨ ᠬᠤᠲᠠ ᠶᠢᠨ ᠠᠷᠠᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠷᠠᠯᠢᠭ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠣᠯᠠᠨ ᠲᠦᠮᠡᠨ ᠤ ᠰᠤᠶᠤᠯ ᠤᠨ ᠦᠢᠯᠡᠴᠢᠯᠡᠭᠡᠨ ᠤ ᠠᠵᠢᠯ ᠢ ᠳᠡᠭᠡᠭᠰᠢᠯᠡᠭᠦᠯᠦᠨ᠎ᠡ᠃       2020 ᠤᠨ ᠳᠤ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠰᠣᠶᠣᠯ ᠤᠷᠠᠯᠢᠭ ᠤᠨ ᠰᠤᠷᠭᠠᠭᠤᠯᠢ︾᠎ ᠶᠢᠨ ᠨᠠᠮᠤᠷ ᠤᠨ ᠤᠯᠠᠷᠢᠯ ᠤᠨ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠯ ᠨᠡᠶᠢᠭᠡᠮ ᠠᠴᠠ ᠰᠤᠷᠤᠭᠴᠢ ᠡᠯᠰᠡᠵᠡᠶ᠃ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠨᠢ ᠳᠣᠤᠷᠠᠬᠢ ᠮᠡᠲᠦ᠄ ᠪᠥᠵᠢᠭ ︵ᠦᠨᠳᠦᠰᠦᠲᠡᠨ ᠤ ᠪᠥᠵᠢᠭ᠂ ᠯᠠᠲ᠋ᠢᠨ ᠪᠥᠵᠢᠭ︶᠂ ᠳᠠᠭᠤᠯᠠᠬᠤᠶ᠂ ᠬᠥᠭᠵᠢᠮᠳᠡᠭᠦᠷ ︵ᠡᠯᠧᠺᠲᠷᠣᠨ ᠬᠥᠭᠵᠢᠮ᠂ ᠰᠠᠺᠰ᠂ ᠮᠣᠷᠢᠨ ᠬᠤᠭᠤᠷ︶᠂ ᠬᠡᠷᠡᠯ ᠵᠢᠷᠤᠭ ᠠᠪᠤᠨ᠎ᠠ᠃ ᠬᠤᠲᠠ ᠶᠢᠨ ᠠᠷᠠᠳ ᠲᠣᠰ ᠬᠥᠮᠦᠨ ᠤ ᠪᠡᠶ᠎ᠡ ᠶᠢᠨ ᠦᠨᠡᠮᠯᠡᠯ᠂ ᠬᠡᠷᠡᠯ ᠵᠢᠷᠤᠭ ᠢᠶᠠᠷ ᠢᠶᠠᠨ ᠨᠡᠷ᠎ᠡ ᠮᠡᠳᠡᠭᠦᠯᠤᠨ᠎ᠡ ︵ᠬᠥᠮᠦᠨ ᠪᠦᠷᠢ ᠨᠢᠭᠡ ᠵᠤᠶᠢᠯ  ᠢ ᠮᠡᠳᠡᠭᠦᠯᠬᠦ ᠶᠢ ᠬᠢᠵᠠᠭᠠᠷᠯᠠᠨ᠎ᠠ︶᠃      ᠨᠡᠷ᠎ᠡ ᠮᠡᠳᠡᠭᠦᠯᠬᠦ ᠴᠠᠭ᠄ 2020 ᠣᠨ ᠤ 9 ᠰᠠᠷ᠎ᠠ ᠶᠢᠨ 10᠂ 11᠎ ᠤ ᠡᠳᠦᠷ ︵ᠪᠡᠶ᠎ᠡ ᠶᠢᠨ ᠦᠨᠡᠮᠯᠡᠯ᠂ ᠭᠡᠷᠡᠯ ᠵᠢᠷᠤᠭ ᠠᠪᠬᠤ ᠬᠡᠷᠡᠭᠲᠡᠶ︶      ᠨᠡᠷ᠎ᠡ ᠮᠡᠳᠡᠭᠦᠯᠬᠦ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠬᠠᠢᠪᠸᠢ ᠵᠡᠭᠦᠨ ᠵᠡᠭᠡᠯᠢ ᠶᠢᠨ 7 ᠳ᠋ᠤᠭᠠᠷ ᠨᠣᠮᠧᠷᠲᠤ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠣᠷᠳᠣᠨ ᠤ ᠳᠥᠷᠪᠡᠳᠦᠭᠡᠷ ᠳᠠᠪᠬᠤᠷᠭ᠎ᠠ    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号