ᠠᠯᠲᠠᠨ ᠰᠢᠷᠭᠠᠯ ᠡᠯᠡᠰᠤᠨ ᠲᠤᠬᠤᠢ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2020/9/24
     ᠦᠬᠠᠶ ᠬᠤᠲᠠ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠠᠶᠢᠷᠤᠪ ᠤᠨ ᠲᠣᠬᠤᠢ ᠲᠤᠭᠤᠷᠢᠭ ᠠᠴᠠ ᠬᠤᠶᠢᠰᠢ 14 ᠺᠢᠯᠣᠮᠧᠲᠷ ᠵᠠᠶᠢᠲᠠᠶ᠂ ᠪᠠᠷᠠᠭᠤᠨᠰᠢ ᠪᠠᠨ ᠬᠠᠲᠤᠨ ᠭᠤᠣᠯ ᠤᠨ ᠵᠡᠭᠦᠨ ᠳᠡᠷ᠎ᠡ ᠶᠢᠨ ᠵᠦᠸᠧᠽᠢ ᠠᠭᠤᠯᠠ ᠨᠢᠷᠤᠭᠤ ᠲᠠᠢ ᠬᠠᠪᠢᠳᠠᠵᠤ᠂ ᠤᠮᠠᠷᠠᠰᠢ ᠲᠠᠯ᠎ᠠ ᠨᠤᠲᠤᠭ ᠤᠨ ᠬᠤᠲᠠ ᠶᠢ ᠬᠦᠷᠢᠶᠡᠯᠡᠨ᠂ ᠡᠮᠦᠨᠡᠰᠢ ᠦᠬᠠᠶ ᠬᠤᠲᠠ ᠲᠠᠢ ᠵᠠᠯᠭᠠᠯᠳᠤᠵᠤ ᠪᠠᠶᠢᠨ᠎ᠠ᠃ ᠠᠳᠡ ᠡᠯᠡᠰᠦᠨ ᠳᠣᠪᠤ ᠵᠠᠯᠭᠠᠯᠳᠤᠵᠤ᠂ ᠤᠷᠭᠤᠮᠠᠯ ᠬᠤᠴᠢᠯᠭ᠎ᠠ ᠬᠤᠪᠣᠷ ᠴᠤᠬᠠᠭ ᠪᠠᠶᠢᠳᠠᠭ᠃ ᠳᠠᠯᠠᠶ ᠶᠢᠨ ᠪᠤᠯᠤᠩ ᠤᠨ ᠶᠡᠭᠡ ᠡᠯᠡᠰᠦᠨ ᠴᠥᠯ ᠤᠨ ᠭᠠᠵᠠᠷ ᠲᠠᠢ ᠮᠠᠰᠢ ᠠᠳᠠᠯᠢ ᠪᠠᠶᠢᠵᠤ᠂ ᠲᠡᠭᠦᠨ ᠤ ᠡᠯᠡᠰᠦᠨ ᠰᠢᠷᠭᠠᠯ ᠠᠯᠲᠠᠨ ᠰᠢᠷᠭᠠᠯ ᠥᠩᠭᠡ ᠲᠠᠢ ᠠᠴᠠ ᠬᠥᠮᠦᠰ ︽ᠠᠯᠲᠠᠨ ᠰᠢᠷᠭᠠᠯ ᠡᠯᠡᠰᠤᠨ ᠲᠤᠬᠤᠢ︾ ᠭᠡᠳᠡᠭ᠃ ᠦᠵᠡᠮᠵᠢ ᠶᠢᠨ ᠣᠷᠣᠨ ᠤ ᠲᠠᠯᠠᠪᠠᠢ ᠨᠢ 2000 ᠾᠧᠺᠲ᠋ᠠᠷ᠂ 110 ᠤᠯᠤᠰ ᠤᠨ ᠵᠠᠮ᠂ ᠪᠡᠭᠡᠵᠢᠩ ᠠᠴᠠ ᠲᠥᠪᠡᠳ ᠬᠦᠷᠬᠦ ᠲᠦᠷᠭᠡᠨ ᠵᠠᠮ ᠲᠠᠢ ᠨᠢᠭᠲᠠ ᠬᠤᠯᠪᠣᠯᠳᠤᠵᠤ᠂ ᠦᠬᠠᠶ ᠨᠢᠰᠭᠡᠯ ᠤᠨ ᠪᠠᠭᠤᠳᠠᠯ ᠲᠠᠢ ᠨᠢᠭᠡ ᠯᠡ ᠵᠠᠮ ᠠᠯᠤᠰᠯᠠᠵᠠᠶ᠃
     ᠵᠢᠭᠤᠯᠴᠢᠯᠠᠯ ᠤᠨ ᠣᠷᠣᠨ ᠨᠢ ᠬᠠᠲᠤᠨ ᠭᠤᠤᠯ᠂ ᠵᠦᠸᠧᠽᠢ ᠱᠠᠨ ᠠᠭᠤᠯᠠᠨ ᠤ ᠬᠠᠳᠠᠨ ᠵᠢᠷᠤᠭ᠂ ᠪᠢᠨ ᠾᠧ ᠲᠣᠭᠤᠷᠢᠭ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠨᠢᠭᠡ ᠴᠣᠭᠴᠠ ᠪᠣᠯᠵᠤ᠂ ᠪᠠᠰᠠ ᠡᠷᠭᠢᠨ ᠲᠣᠭᠤᠷᠢᠨ ᠤ ᠠᠯᠠᠭᠱᠠ ᠠᠶᠢᠮᠠᠭ  ᠎ ᠤᠨ ᠪᠠᠯᠠᠷ ᠣᠶ᠂ ᠨᠢᠩᠰᠢᠶᠠ ᠶᠢᠨ ᠱᠠ ᠬᠡᠤ᠂ ᠺᠢᠨᠣ᠋ ᠲᠧᠯᠸᠢᠰ ᠤᠨ ᠬᠤᠲᠠ᠂ ᠾᠧ ᠯᠠᠨ ᠱᠠᠨ ᠤ ᠦᠵᠡᠮᠵᠢ ᠶᠢᠨ ᠣᠷᠣᠨ᠂ ᠣᠷᠳᠣᠰ ᠬᠤᠲᠠ ᠶᠢᠨ ᠴᠢᠩᠭᠢᠰ ᠬᠠᠭᠠᠨ ᠤ ᠣᠩᠭᠤᠨ ᠵᠡᠷᠭᠡ ᠦᠵᠡᠮᠵᠢ ᠶᠢᠨ ᠣᠷᠣᠨ ᠲᠠᠢ ᠵᠢᠭᠤᠯᠴᠢᠯᠠᠯ ᠤᠨ ᠲᠣᠤᠷ᠂ ᠱᠤᠭᠤᠮ ᠢ ᠪᠦᠷᠢᠯᠳᠦᠭᠦᠯᠵᠡᠶ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠨᠢᠩᠰᠢᠶᠠ᠂ ᠭᠠᠨᠰᠦ᠂ ᠱᠠᠨᠰᠢ᠂ ᠪᠤᠭᠤᠲᠤ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠭᠰᠠᠨ ᠲᠥᠪ ᠭᠠᠵᠠᠷ ᠣᠷᠣᠨ ᠪᠣᠯᠤᠨ᠎ᠠ᠃ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠠᠮᠢ ᠠᠬᠤᠶ ᠶᠢᠨ ᠬᠥᠮᠦᠵᠢᠯ ᠤᠨ ᠰᠠᠭᠤᠷᠢᠨ ᠭᠠᠵᠠᠷ᠂ ᠪᠣᠯᠪᠠᠰᠤᠨ ᠦᠵᠡᠮᠵᠢ ᠶᠢᠨ ᠣᠷᠣᠨ ᠵᠡᠷᠭᠡ ᠴᠣᠯᠠ ᠭᠥᠷᠳᠡᠪᠡ᠃      ᠠᠯᠲᠠᠨ ᠰᠢᠷᠭᠠᠯ ᠡᠯᠡᠰᠤᠨ ᠲᠤᠬᠤᠢ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ ᠤ ᠵᠡᠭᠦᠨ ᠲᠠᠯ᠎ᠠ‌ᠨᠢ ᠠᠭᠤᠯᠠ᠂ ᠪᠠᠷᠠᠭᠤᠨ ᠲᠠᠯ᠎ᠠ ᠨᠢ ᠭᠤᠣᠯ ᠮᠥᠷᠡᠨ ᠢ ᠪᠠᠷᠠᠯᠠᠬᠤ ᠪᠣᠯ ᠨᠢᠭᠡᠨ ᠭᠠᠶᠢᠬᠠᠮᠰᠢᠭᠲᠤ ᠦᠵᠡᠮᠵᠢᠲᠦ ᠣᠷᠣᠨ ᠪᠣᠯᠤᠨ᠎ᠠ᠃ ᠨᠢᠭᠡᠨ ᠦᠶ᠎ᠡ ᠶᠢᠨ ᠲᠢᠶᠠᠨ ᠵᠢᠶᠤᠤ ᠴᠢᠩᠭᠢᠰ ᠬᠠᠭᠠᠨ ᠪᠠᠷᠠᠭᠤᠨ ᠰᠢᠶᠠ ᠤᠯᠤᠰ ᠢ ᠳᠠᠶᠢᠯᠠᠬᠤ ᠳᠤ ᠠᠳᠡ ᠴᠡᠷᠢᠭ ᠲᠤᠬᠢᠷᠠᠭᠤᠯᠵᠤ ᠪᠠᠶᠢᠭᠰᠠᠨ ᠭᠡᠳᠡᠭ᠃ ᠦᠵᠡᠮᠵᠢ ᠶᠢᠨ ᠣᠷᠣᠨ ᠤ ᠵᠡᠭᠦᠨ ᠳᠡᠯᠭᠡᠴᠡ ᠶᠢᠨ ᠵᠦᠸᠧᠽᠢ ᠱᠠᠨ ᠠᠭᠤᠯᠠ᠂ ᠪᠠᠷᠠᠭᠤᠨ ᠬᠥᠷᠰᠢ ᠵᠡᠷᠭᠡᠯᠡᠳᠡᠭᠡ ᠥᠨᠳᠥᠷ ᠦᠷ᠎ᠡ ᠠᠰᠢᠭᠲᠤ ᠠᠮᠢ ᠠᠬᠤᠶ ᠶᠢᠨ ᠡᠭᠦᠯᠳᠡᠷ ᠲᠡᠵᠢᠭᠡᠨ ᠦᠷᠡᠵᠢᠭᠦᠯᠬᠦ ᠨᠡᠭᠡᠭᠡᠯᠲᠡ ᠶᠢᠨ ᠲᠣᠭᠤᠷᠢᠭ᠃ ᠪᠤᠯᠤᠩ ᠤᠨ ᠳᠣᠲᠣᠷᠠᠬᠢ ᠡᠯᠡᠰᠦᠨ ᠠᠭᠤᠯᠠ ᠨᠢ ᠬᠠᠳᠤᠨ ᠭᠤᠣᠯ ᠲᠠᠢ ᠠᠯᠤᠰ ᠠᠴᠠ ᠪᠠᠷᠠᠯᠠᠨ᠎ᠠ᠃ ᠦᠵᠡᠮᠵᠢ ᠶᠢᠨ ᠣᠷᠣᠨ ᠳᠤ ᠤᠯᠤᠰ ᠤᠨ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠬᠤᠪᠣᠷ ᠴᠤᠬᠠᠭ ᠤᠷᠭᠤᠮᠠᠯ ᠤᠨ ᠲᠦᠷᠪᠡᠨ ᠨᠡᠶᠢᠯᠡᠮᠡᠯ ᠮᠣᠳᠣ᠂ ᠬᠠᠭᠠᠰ ᠡᠳᠦᠷ ᠤᠨ ᠴᠡᠴᠡᠭ᠂ ᠮᠣᠩᠭᠤᠯ ᠪᠤᠶᠢᠯᠠᠰᠤᠨ ᠲᠤᠭᠤᠷ᠂ ᠱᠠ ᠪᠠ ᠸᠠᠩ᠂ ᠪᠠᠯᠤ ᠮᠤᠳᠤ ᠵᠡᠷᠭᠡ ᠪᠣᠶ᠃      ᠦᠵᠡᠮᠵᠢ ᠶᠢᠨ ᠣᠷᠣᠨ ᠤ ᠢᠳᠡᠬᠦ᠂ ᠬᠤᠨᠣᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠲᠦᠭᠦᠷᠤᠮᠵᠢ ᠪᠦᠷᠢᠨ᠂ ᠮᠣᠩᠭᠤᠯ ᠦᠨᠳᠦᠰᠦᠲᠡᠨ ᠤ ᠣᠨᠴᠠᠯᠢᠭ ᠲᠠᠢ ᠶᠤᠮ᠃ ᠲᠣᠮᠣ᠂ ᠳᠤᠮᠳᠠ᠂ ᠵᠢᠵᠢᠭ ᠮᠣᠩᠭᠤᠯ ᠭᠡᠷ ᠨᠢ 350 ᠭᠠᠷᠤᠢ ᠬᠥᠮᠦᠨ ᠬᠤᠭᠤᠯᠠ ᠢᠳᠡᠬᠦ᠂ ᠬᠤᠨᠣᠬᠤ ᠶᠢ ᠪᠠᠭᠲᠠᠭᠠᠳᠠᠭ᠂ᠲᠥᠪ ᠠᠭᠤᠳᠠᠮ ᠲᠠᠯᠠᠪᠠᠢ ᠳᠤ ᠴᠢᠩᠭᠢᠰ ᠬᠠᠭᠠᠨ ᠤ ᠱᠤᠭᠤᠮᠠᠯ ᠲᠥᠪ ᠶᠡᠬᠡᠮᠰᠦᠭ ᠪᠠᠶᠢᠵᠤ᠂ ᠰᠥᠨᠢ ᠶᠢᠨ ᠵᠤᠭᠠᠴᠠᠯ᠂ ᠡᠯᠡᠰᠦᠨ ᠰᠡᠶᠢᠯᠦᠮᠡᠯ᠂ ᠲᠦᠳᠡᠭ ᠭᠠᠯ ᠤᠨ ᠦᠳᠡᠰᠢᠯᠡᠭᠡ᠂ ᠤᠷᠳᠤᠰ ᠤᠨ ᠬᠤᠷᠢᠮ ᠤᠨ ᠶᠣᠰᠣᠯᠠᠯ ᠨᠢ ᠥᠪᠡᠷᠮᠢᠴᠡ ᠣᠨᠴᠠᠯᠢᠭ ᠲᠠᠢ᠂ ᠦᠨᠳᠦᠰᠦᠲᠡᠨ ᠤ ᠵᠠᠩ ᠦᠢᠯᠡ ᠲᠠᠢ᠃ ᠡᠯᠡᠰᠦᠨ ᠭᠠᠵᠠᠷ ᠤᠨ ᠮᠣᠲ᠋ᠣᠷ᠂ ᠬᠡᠭᠡᠷ᠎ᠡ ᠶᠢᠨ ᠲᠡᠷᠭᠡ᠂ ᠥᠨᠳᠥᠷ ᠣᠭᠲᠠᠷᠭᠤᠶ ᠶᠢᠨ ᠭᠤᠯᠭᠤᠭᠤᠷ ᠳᠡᠭᠡᠰᠦ᠂ ᠡᠯᠡᠰᠤᠨ ᠭᠠᠵᠠᠷ ᠤᠨ ᠠᠯᠠᠭᠠᠳᠠᠬᠤ ᠪᠥᠮᠪᠦᠭᠡ᠂ ᠡᠯᠡᠰᠦᠨ ᠴᠦᠯ ᠤᠨ ᠲᠡᠮᠡᠭᠡᠨ ᠠᠩᠭᠢ᠂ ᠮᠣᠷᠢ᠂ ᠰᠤᠪᠤᠳ ᠨᠠᠭᠤᠷ ᠤᠨ ᠤᠰᠤᠨ ᠳᠡᠭᠡᠷᠡᠬᠢ ᠲᠥᠷᠥᠯ ᠵᠤᠶᠢᠯ᠂ ᠵᠠᠳᠠᠭᠠᠶ ᠤᠮᠪᠠᠯᠲᠠ ᠶᠢᠨ ᠲᠠᠲᠠᠭᠠᠯ ᠵᠡᠷᠭᠡ ᠨᠢ ᠪᠦᠷ ᠪᠠᠶᠢᠨ᠎ᠠ᠃ ᠠᠯᠲᠠᠨ ᠰᠢᠷᠭᠠᠯ ᠡᠯᠡᠰᠤᠨ ᠲᠤᠬᠤᠢ ᠪᠣᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠬᠢᠷᠲᠤᠯ ᠦᠭᠡᠢ ᠠᠮᠢ ᠠᠬᠤᠢ ᠶᠢᠨ ᠬᠦᠷᠢᠶᠡᠯᠡᠩ ᠲᠤᠭᠤᠷᠢᠭ ᠪᠠ ᠵᠤᠭᠠᠴᠠᠨ ᠲᠣᠭᠤᠷᠢᠬᠤ ᠠᠷᠢᠭᠤᠨ ᠣᠷᠣᠨ ᠪᠣᠯᠤᠨ᠎ᠠ᠃    
 
ᠢᠷᠡᠯᠲᠡ᠄ ᠲᠣᠣ ᠭᠧ ᠦᠪᠡᠷ ᠵᠠᠭᠤᠴᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号