ᠦᠬᠠᠶ ᠨᠠᠭᠤᠷ
ᠨᠡᠶᠢᠲᠡᠯᠡᠭᠰᠡᠨ ᠴᠠᠭ᠄
2020/9/28
     ᠦᠬᠠᠶ ᠨᠠᠭᠤᠷ ᠥᠪᠥᠷ ᠮᠣᠩᠭᠤᠯ ᠤᠨ ᠦᠬᠠᠶ ᠬᠤᠲᠠ ᠳᠤ ᠪᠠᠶᠢᠷᠢᠯᠠᠵᠤ᠂ ᠬᠠᠲᠤᠨ ᠭᠤᠤᠯ ᠤᠨ ᠤᠰᠤᠨ ᠣᠷᠣᠨ ᠤ ᠨᠢᠭᠡ ᠬᠡᠰᠡᠭ ᠲᠤ ᠬᠠᠷᠢᠶᠠᠯᠠᠭᠳᠠᠨ᠎ᠠ᠃ ᠦᠬᠠᠶ ᠨᠠᠭᠤᠷ ᠪᠣᠯ ᠬᠠᠲᠤᠨ ᠭᠤᠤᠯ ᠤᠨ ᠬᠠᠶᠢᠷᠤᠪ ᠎ ᠤᠨ ᠲᠣᠬᠤᠶ ᠶᠢᠨ ᠤᠰᠤᠨ ᠠᠰᠢᠭᠯᠠᠯᠲᠠ ᠶᠢᠨ ᠭᠦᠢᠰᠤ ᠶᠢ ᠪᠠᠶᠢᠭᠤᠯᠤᠭᠰᠠᠨ ᠤ ᠳᠠᠷᠠᠭ᠎ᠠ 2013 ᠤᠨ ᠤ 12 ᠰᠠᠷ᠎ᠠ ᠶᠢᠨ ᠰᠡᠭᠦᠯᠴᠢ ᠪᠠᠷ ᠤᠰᠤ ᠬᠠᠳᠠᠭᠠᠯᠠᠵᠤ᠂ ᠶᠡᠷᠦᠩᠬᠡᠶ ᠲᠠᠯᠠᠪᠠᠢ ᠨᠢ 118 ᠲᠡᠭᠰᠢ ᠲᠦᠷᠪᠡᠯᠵᠢᠨ ᠺᠢᠯᠣᠮᠧᠲᠷ ᠲᠤ ᠬᠦᠷᠦᠭᠰᠡᠨ ᠬᠢᠮᠡᠯ ᠨᠠᠭᠤᠷ᠂ ᠲᠠᠯᠠᠪᠠᠶ ᠨᠢ ᠬᠠᠩᠵᠧᠦ ᠶᠢᠨ ᠰᠢ ᠬᠡᠤ ᠨᠠᠭᠤᠷ ᠤᠨ 18.5 ᠳᠠᠬᠢᠨ᠂ ᠨᠢᠩᠰᠢᠶᠠ ᠶᠢᠨ ᠡᠯᠡᠰᠦᠨ ᠨᠠᠭᠤᠷ ᠤᠨ 2.6 ᠳᠠᠬᠢᠨ ᠪᠣᠯᠤᠨ᠎ᠠ᠃ ᠦᠬᠠᠶ ᠬᠤᠲᠠ ᠶᠢᠨ ᠬᠢᠯᠢ ᠳᠣᠲᠣᠷ᠎ᠠ᠂ ᠬᠠᠶᠢᠷᠤᠪ ᠤᠨ ᠲᠣᠬᠤᠶ ᠲᠣᠭᠤᠷᠢᠭ ᠪᠠ ᠤᠳᠠ ᠲᠣᠭᠤᠷᠢᠭ ᠤᠨ ᠬᠤᠭᠤᠷᠣᠨᠳᠣ ᠪᠠᠶᠢᠬᠤ ᠠᠴᠠ ᠨᠡᠷ᠎ᠡ ᠣᠯᠵᠠᠶ᠃ ᠦᠬᠠᠢ ᠨᠠᠭᠤᠷ ᠦᠵᠡᠮᠵᠢ ᠶᠢᠨ ᠣᠷᠣᠨ ᠤ ᠭᠤᠣᠯ ᠪᠠᠶᠢᠷᠢᠨ ᠳᠤ ᠪᠠᠶᠢᠷᠢᠯᠠᠵᠤ᠂ ᠤᠮᠠᠷᠠᠰᠢ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠰᠢᠯᠭ᠎ᠠ᠂ ᠪᠠᠷᠠᠭᠤᠨᠰᠢ ᠤᠯᠠᠭᠠᠨᠪᠤᠬ᠎ᠠ ᠡᠯᠡᠰᠦᠨ ᠴᠥᠯ ᠲᠠᠢ ᠵᠠᠯᠭᠠᠯᠳᠤᠵᠤ᠂ ᠡᠮᠦᠨᠡᠰᠢ ᠬᠠᠲᠤᠨ ᠭᠤᠤᠯ ᠤᠨ ᠦᠬᠠᠶ ᠶᠢᠨ ᠬᠡᠰᠡᠭ ᠤᠨ ᠳᠡᠭᠡᠳᠦ ᠬᠡᠰᠡᠭ ᠤᠨ ᠭᠤᠤᠯ ᠤᠨ ᠵᠠᠮ ᠲᠠᠢ ᠵᠠᠯᠭᠠᠯᠳᠤᠵᠤ᠂ ᠵᠡᠭᠦᠨᠰᠢ ᠦᠬᠠᠶ ᠬᠤᠲᠠ ᠶᠢᠨ ᠪᠢᠨ ᠾᠧ ᠭᠤᠤᠯ ᠤᠨ ᠦᠵᠡᠮᠵᠢ ᠶᠢᠨ ᠪᠦᠰᠡ ᠲᠠᠢ ᠵᠠᠯᠭᠠᠯᠳᠤᠵᠤ᠂ ᠠᠯᠤᠰ ᠲᠤ ᠪᠠᠰᠠ ᠭᠠᠨᠳᠡᠷ ᠠᠭᠤᠯᠠ ᠨᠢᠷᠤᠭᠤ ᠪᠠᠶᠢᠵᠤ᠂ ᠡᠯᠪᠡᠭ ᠪᠠᠶᠠᠯᠢᠭ ᠦᠵᠡᠮᠵᠢ ᠨᠢ ᠲᠣᠯᠢ ᠮᠡᠲᠦ ᠨᠠᠮᠵᠢᠭᠤᠨ ᠨᠠᠭᠤᠷ ᠤᠨ ᠤᠰᠤ ᠲᠠᠢ ᠨᠢᠭᠡ ᠴᠣᠭᠴᠠ ᠪᠣᠯᠵᠤ ᠠᠭᠤᠰᠴᠠᠶ᠃      ᠦᠬᠠᠢ ᠨᠠᠭᠤᠷ ᠤᠨ ᠶᠡᠭᠡ ᠬᠥᠭᠦᠷᠭᠡ ᠪᠣᠯᠤᠨ ᠤᠯᠤᠰ ᠤᠨ ᠵᠠᠮ ᠤᠨ 110 ᠱᠤᠭᠤᠮ ᠤᠨ ᠦᠬᠠᠶ ᠶᠢᠨ ᠬᠠᠳᠤᠨ ᠭᠤᠤᠯ ᠤᠨ ᠶᠡᠭᠡ ᠬᠥᠭᠦᠷᠭᠡ᠂ ᠦᠬᠠᠶ ᠬᠤᠲᠠ ᠶᠢᠨ ︽ᠨᠢᠭᠡ ᠬᠤᠲᠠ ᠬᠤᠶᠠᠷ ᠲᠥᠪ︾᠎ ᠢ ᠪᠠᠶᠢᠭᠤᠯᠬᠤ ᠭᠤᠤᠯ ᠬᠤᠯᠪᠣᠭᠠᠰᠤ᠂ ︽ᠨᠢᠭᠡ ᠬᠥᠨᠳᠡᠯᠡᠨ ᠬᠤᠶᠠᠷ ᠴᠠᠭᠠᠷᠢᠭ ᠭᠤᠷᠪᠠᠨ ᠭᠤᠯᠳᠤ︾ ᠵᠠᠰᠠᠮᠠᠯ ᠵᠠᠮ ᠤᠨ ᠭᠤᠤᠯ ᠨᠢᠷᠤᠭᠤᠪᠴᠢ ᠲᠣᠤᠷ ᠤᠨ ᠴᠢᠬᠤᠯᠠ ᠬᠡᠰᠡᠭ ᠪᠣᠯᠤᠨ᠎ᠠ᠃ ᠮᠥᠨᠴᠦ ︽ᠨᠢᠭᠡ ᠮᠥᠴᠡ ᠶᠢᠨ ᠠᠮᠢᠳᠤᠷᠠᠯ ᠤᠨ ᠬᠦᠷᠢᠶ᠎ᠡ᠂ ᠬᠠᠭᠠᠰ ᠴᠠᠭ ᠤᠨ ᠠᠵᠤ ᠠᠬᠤᠶ ᠶᠢᠨ ᠬᠦᠷᠢᠶ᠎ᠡ᠂ ᠨᠢᠭᠡ ᠴᠠᠭ ᠤᠨ ᠬᠤᠲᠠ ᠶᠢᠨ ᠬᠦᠷᠢᠶ᠎ᠡ︾᠎ ᠶᠢ ᠪᠠᠶᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃      ᠬᠠᠳᠤᠨ ᠭᠤᠣᠯ ᠤᠨ ᠰᠣᠶᠣᠯ ᠢᠶᠠᠷ ᠰᠤᠳᠠᠰᠤ ᠪᠣᠯᠭᠠᠭᠰᠠᠨ ᠯᠤᠲᠤ ᠶᠡᠭᠡ ᠣᠷᠣᠨ ᠵᠠᠶ ᠶᠢᠨ ᠳᠠᠪᠠᠭᠤᠯᠢᠭ ᠪᠠ ᠦᠵᠡᠮᠵᠢ ᠶᠢᠨ ᠳᠠᠪᠠᠭᠤᠯᠢᠭ ᠢᠶᠠᠷ ᠲᠦᠰᠢᠭ ᠪᠣᠯᠭᠠᠭᠰᠠᠨ ᠥᠪᠥᠷ ᠮᠤᠩᠭᠤᠯ ᠤᠨ ᠪᠠᠷᠠᠭᠤᠨ ᠬᠡᠰᠡᠭ ᠤᠨ ᠳᠡᠭᠡᠳᠦ ᠲᠠᠰ ᠤᠨ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠪᠠᠶᠢᠭᠤᠯᠬᠤ ᠶᠢᠨ ᠲᠦᠯᠤᠭᠡ᠂ ᠦᠵᠡᠮᠵᠢ ᠶᠢᠨ ᠣᠷᠣᠨ ᠦᠬᠠᠶ ᠶᠢᠨ ᠬᠠᠮᠤᠭ ᠤᠨ ᠥᠨᠳᠥᠷ ᠳᠡᠰ ᠤᠨ ᠵᠢᠭᠤᠯᠴᠢᠯᠠᠯ᠂ ᠰᠣᠶᠣᠯ᠂ ᠬᠤᠳᠠᠯᠳᠤᠭᠠᠨ ᠤ ᠶᠠᠪᠤᠳᠠᠯ᠂  ᠬᠠᠮ ᠦᠵᠡᠰᠬᠦᠯᠡᠩ᠂ ᠵᠤᠭ᠎ᠠ ᠴᠡᠩᠭᠡᠯ᠂ ᠭᠠᠵᠠᠷ ᠬᠥᠷᠥᠩᠭᠡ᠂ ᠪᠢᠨ ᠱᠦᠶ ᠶᠢᠨ ᠰᠡᠯᠡᠭᠦᠴᠡᠯ ᠠᠮᠠᠷᠠᠯᠲᠠ ᠵᠡᠷᠭᠡ ᠢᠵᠢ ᠪᠥᠷᠢᠳᠦᠭᠰᠡᠨ ᠤᠶᠢᠯᠡᠴᠢᠯᠡᠭᠡᠨ ᠤ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠤᠰᠤᠨ ᠳᠡᠭᠡᠷᠡᠬᠢ ᠵᠤᠭ᠎ᠠ ᠴᠡᠩᠭᠡᠯ᠂ ᠡᠯᠡᠰᠦᠨ ᠴᠦᠯ ᠤᠨ ᠲᠥᠷᠥᠯ ᠵᠦᠢᠯ᠂ ᠳᠣᠣᠷ᠎ᠠ ᠠᠭᠠᠷ ᠤᠨ ᠨᠢᠰᠦᠯᠲᠡ ᠪᠠᠷ ᠭᠤᠣᠯ ᠪᠣᠯᠭᠠᠭᠰᠠᠨ ᠤᠯᠤᠰ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ ᠢ ᠨᠡᠭᠡᠭᠡᠨ ᠬᠥᠭᠵᠢᠭᠦᠯᠵᠦ᠂ ᠡᠯᠡᠰᠦᠨ ᠴᠦᠯ ᠤᠨ ᠬᠡᠭᠡᠷ᠎ᠡ ᠶᠢᠨ ᠲᠡᠷᠭᠡ᠂ ᠡᠯᠡᠰᠦᠨ ᠴᠦᠯ ᠤᠨ ᠮᠣᠲ᠋ᠣᠷ ᠲᠡᠷᠭᠡ᠂ ᠠᠷᠠᠰᠤᠨ ᠰᠡᠯᠢᠭᠦᠷᠲᠤ ᠵᠠᠪᠢ᠂ ᠡᠯᠡᠰᠦ ᠬᠠᠯᠢᠬᠤ ᠬᠠᠪᠲᠠᠰᠤ᠂ ᠭᠢᠰᠬᠢᠭᠦᠷ ᠬᠥᠪᠪᠥᠭᠦᠷ ᠣᠩᠭᠤᠴᠠ᠂ ᠤᠰᠤᠨ ᠳᠡᠭᠡᠷᠡᠬᠢ ᠨᠢᠰᠬᠡᠯ᠂ ᠬᠥᠳᠡᠯᠭᠡᠬᠦ ᠬᠦᠴᠤᠨ ᠭᠤᠷᠪᠠᠯᠵᠢᠨ ᠳᠠᠯᠠᠪᠴᠢ ᠵᠡᠷᠭᠡ ︽ᠲᠡᠯᠡᠶ ᠬᠠᠭᠤᠷᠠᠶ ᠠᠭᠠᠷ︾᠎ ᠤᠨ ᠣᠯᠠᠨ ᠥᠨᠴᠥᠭ ᠤᠨ ᠪᠡᠶᠡᠴᠢᠯᠡᠨ ᠣᠶᠢᠯᠠᠭᠠᠬᠤ ᠲᠥᠷᠥᠯ ᠵᠤᠶᠢᠯ ᠢ ᠥᠷᠨᠢᠭᠦᠯᠦᠨ᠎ᠡ᠃ ᠬᠠᠳᠤᠨ ᠭᠤᠤᠯ ᠤᠨ ᠦᠵᠡᠮᠵᠢ ᠶᠢ ᠣᠳᠣ ᠦᠶ᠎ᠡ ᠶᠢᠨ ᠬᠤᠲᠠ ᠳᠤ ᠠᠭᠤᠰᠬᠠᠨ ᠣᠷᠣᠭᠤᠯᠵᠤ ᠬᠥᠮᠦᠨ ᠬᠢᠭᠡᠳ ᠪᠠᠶᠢᠭᠠᠯᠢ ᠶᠢᠨ ᠬᠠᠮᠲᠤᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠦ᠂ ᠬᠤᠲᠠ ᠨᠢ ᠤᠰᠤᠨ ᠳᠡᠭᠡᠷ ᠎ᠡ ᠪᠠᠶᠢᠵᠤ᠂ ᠭᠤᠣᠯ ᠮᠥᠷᠡᠨ ᠨᠢ ᠬᠤᠲᠠ ᠶᠢᠨ ᠳᠤᠮᠳᠠ ᠪᠠᠶᠢᠬᠤ ᠦᠵᠡᠮᠵᠢ ᠨᠢ ᠦᠬᠠᠶ ᠶᠢ ᠦᠨᠡᠨ ᠬᠦ ᠬᠠᠲᠤᠨ ᠭᠤᠣᠯ ᠤᠨ ᠠᠯᠲᠠᠨ ᠪᠦᠰᠡᠨ ᠤ ᠭᠡᠷᠡᠯᠲᠦ ᠰᠤᠪᠤᠳ ᠪᠣᠯᠭᠠᠭᠰᠠᠨ ᠪᠠᠶᠢᠨ᠎ᠠ᠃
   
 
ᠢᠷᠡᠯᠲᠡ᠄ ᠲᠣᠣ ᠭᠧ ᠦᠪᠡᠷ ᠵᠠᠭᠤᠴᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号