ᠤᠰᠤᠨ ᠳᠤ ᠵᠢᠪᠬᠦ ᠠᠴᠠ ᠰᠡᠷᠭᠡᠢᠯᠡᠬᠦ ᠡᠳᠡᠭᠡᠷ ᠮᠡᠳᠡᠯᠭᠡ ᠶᠢ ᠬᠡᠤᠬᠡᠳ ᠤᠳ ᠲᠤ ᠬᠡᠯᠡᠵᠦ ᠥᠭᠬᠦ ᠬᠡᠷᠡᠭᠲᠡᠶ | | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠤᠯᠤᠰ ᠤᠨ ᠬᠤᠯᠪᠣᠭᠠᠲᠤ | ᠪᠠᠶᠢᠭᠤᠯᠣᠯᠭ᠎ᠠ ᠶᠢᠨ ᠬᠡᠤᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡᠯᠡᠭᠰᠡᠨ ︽ᠳᠡᠯᠡᠬᠡᠶ ᠶᠢᠨ | ᠬᠡᠤᠬᠡᠳ ᠤᠨ ᠬᠤᠤᠷᠳᠤᠯ ᠭᠡᠮᠲᠦᠯ ᠢ ᠰᠡᠷᠭᠡᠶᠢᠯᠡᠬᠦ ᠮᠡᠳᠡᠭᠦᠯᠦᠯᠲᠡ︾ ᠠᠴᠠ ᠦᠵᠡᠪᠡᠯ᠂ ᠪᠦᠬᠦ ᠪᠥᠮᠪᠥᠷᠴᠡᠭ ᠲᠤ | ᠡᠳᠦᠷ ᠪᠦᠷᠢ ᠪᠠᠷᠤᠭ 480 ᠬᠡᠦᠬᠡᠳ ᠤᠰᠤᠨ ᠳᠤ ᠵᠢᠪᠴᠦ ᠦᠬᠦᠵᠣ ᠪᠠᠶᠢᠭ᠎ᠠ ᠠᠵᠠᠢ᠃ ᠡᠶᠢᠮᠤ ᠠᠴᠠ ᠣᠰᠣᠨ ᠳᠤ | ᠵᠢᠪᠬᠦ ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ ᠬᠡᠷᠡᠭᠲᠡᠢ᠃ 12 ᠮᠢᠨᠦ᠋ᠲ | ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠡᠭᠡᠵᠢᠩ ᠤᠨ ᠬᠡᠤᠬᠡᠳ ᠤᠨ ᠡᠮᠨᠡᠯᠭᠡ ᠶᠢᠨ | ᠬᠤᠷᠢᠶᠠᠨ ᠤ ᠱᠦᠨ ᠢ ᠡᠮᠡᠭᠲᠡᠶᠢᠴᠤᠳ ᠬᠡᠤᠬᠡᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠭᠠᠳᠠᠷ | ᠰᠠᠯᠠᠭᠠᠨ ᠤ ᠭᠤᠤᠯ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠬᠥᠮᠦᠨ ᠤᠰᠤᠨ ᠳᠤ ᠵᠢᠪᠪᠦᠭᠰᠡᠨ ᠤ ᠳᠠᠷᠠᠭ᠎ᠠ | ᠶᠡᠭᠡ ᠬᠡᠮᠵᠢᠶᠡᠨ ᠤ ᠤᠰᠤ ᠪᠢᠳᠡᠨ ᠤ ᠠᠮᠢᠰᠬᠤᠯ ᠤᠨ ᠵᠠᠮ ᠢ ᠬᠦᠨᠳᠦ ᠨᠣᠴᠢᠲᠠᠢ ᠪᠦᠭᠯᠡᠵᠥ᠂ ᠠᠭᠤᠰᠬᠢᠨ ᠤ | ᠬᠦᠴᠢᠯᠲᠥ᠋ᠷᠥᠭᠴᠢ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠶᠢᠨ ᠰᠣᠯᠢᠯᠴᠠᠭ᠎ᠠ ᠳᠤ | ᠬᠠᠷᠰᠢ ᠰᠠᠭᠠᠳ ᠤᠴᠠᠷᠠᠭᠤᠯᠵᠦ ᠠᠮᠢᠰᠬᠤᠯ ᠪᠥᠭᠯᠡᠷᠡᠳᠡᠭ︔ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠤᠰᠤ ᠪᠠ | ᠪᠣᠰᠣᠳ ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ ᠥᠭᠴᠦ ᠵᠠᠩᠭᠢᠷᠠᠬᠤ | ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ ᠪᠠᠶᠢᠳᠠᠯ ᠨᠢ ᠴᠥᠮ ᠬᠥᠮᠦᠨ ᠢ | ᠦᠬᠦᠭᠦᠯᠳᠡᠭ ᠶᠤᠮ᠃ | ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ ᠳᠤᠲᠠᠪᠠᠯ | ᠲᠠᠷᠢᠬᠢᠨ ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ ᠬᠦᠴᠢᠯᠲᠥ᠋ᠷᠥᠭᠴᠢ | ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠠᠶᠢᠳᠠᠭ᠃ ᠤᠰᠤᠨ ᠳᠤ ᠤᠨᠠᠪᠠᠯ ᠥᠪᠡᠷ ᠢ ᠪᠠᠨ ᠢᠩᠭᠢᠵᠦ | ᠠᠪᠤᠷᠠᠭᠠᠷᠠᠶ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ ᠣᠷᠣᠨ ᠢ ᠬᠡᠷᠬᠢᠨ ᠢᠯᠭᠠᠨ | ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ | ᠵᠢᠩᠬᠢᠨᠢ ᠤᠮᠪᠠᠯᠲᠠ ᠶᠢᠨ ᠭᠠᠵᠠᠷ ︵ᠠᠮᠤᠷ ᠢ ᠬᠠᠮᠠᠭᠠᠯᠠᠭᠴᠢ ᠪᠠ ᠤᠰᠤᠨ ᠤ ᠭᠦᠨ ᠭᠦᠢᠬᠡᠨ ᠤ | ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ ᠪᠤᠰᠤᠳ ᠠᠮᠤᠷ ᠢ ᠬᠠᠮᠠᠭᠠᠯᠠᠬᠤ ᠬᠦᠮᠣᠨ ᠪᠠᠶᠢᠬᠤ ᠦᠬᠡᠢ ᠪᠠ ᠠᠮᠤᠷ | ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ ᠳᠣᠣᠷ᠎ᠠ ᠴᠥᠭᠦᠷᠥᠮ᠂ ᠭᠤᠣᠯ ᠮᠥᠷᠡᠨ᠂ ᠳᠠᠯᠠᠢ ᠶᠢᠨ ᠤᠰᠤᠨ ᠳᠤ | ᠣᠴᠢᠵᠤ ᠤᠰᠤ ᠨᠠᠭᠠᠳᠴᠤ ᠪᠣᠯᠬᠤ ᠦᠬᠡᠢ᠃ ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ ᠨᠢ ᠬᠦᠷᠲᠡᠯ᠎ᠡ | ᠤᠰᠤᠨ ᠳᠤ ᠵᠢᠪᠬᠦ ᠠᠶᠤᠯ ᠲᠠᠢ ᠭᠡᠳᠡᠭ ᠢ ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃ ᠡᠭᠦᠨ ᠤ ᠬᠠᠮᠲᠤ᠂ | ᠬᠡᠦᠬᠡᠳ ᠲᠤ ᠵᠥᠪ ᠣᠨᠣᠪᠴᠢᠲᠠᠢ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠢ᠃ ᠵᠢᠱᠢᠶᠡᠯᠡᠪᠡᠯ᠂ | ᠤᠰᠤᠨ ᠳᠤ ᠤᠮᠪᠠᠭ᠋ᠤ ᠦᠶ᠎ᠡ ᠳᠤ ᠬᠦᠯ ᠤᠨ ᠪᠤᠯᠴᠢᠩ ᠤᠨ ᠰᠢᠷᠪᠥᠰᠥ ᠲᠠᠲᠠᠬᠤ ᠪᠠᠶᠢᠳᠠᠯ ᠭᠠᠷᠳᠠᠭ᠃ | ᠡᠨᠡ ᠦᠶ᠎ᠡ ᠳᠤ ᠰᠢᠷᠪᠥᠰᠥ ᠲᠠᠲᠠᠭᠰᠠᠨ ᠬᠥᠯ ᠤᠨ ᠬᠤᠷᠤᠭᠤ ᠶᠢ ᠭᠠᠷ ᠢᠶᠠᠷ ᠢᠶᠠᠨ ᠠᠳᠬᠤᠵᠤ᠂ ᠳᠡᠭᠡᠭᠰᠢ | ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ ᠰᠤᠩᠭᠠᠵᠤ ᠪᠣᠯᠤᠨ᠎ᠠ᠃ ᠨᠥᠭᠦᠭᠡ ᠭᠠᠷ ᠢᠶᠠᠷ ᠢᠶᠠᠨ ᠤᠰᠤ | ᠰᠡᠯᠢᠵᠦ᠂ ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ ᠬᠦᠪᠪᠤᠭᠦᠯᠦᠨ᠎ᠡ᠃ ᠡᠭᠦᠨ ᠠᠴᠠ ᠭᠠᠳᠠᠨ᠎ᠠ᠂ ᠤᠮᠪᠠᠵᠤ | ᠴᠢᠳᠠᠬᠤ ᠦᠭᠡᠢ ᠬᠥᠮᠦᠨ ᠵᠣᠯ ᠪᠤᠰᠤ ᠪᠠᠷ ᠤᠰᠤᠨ ᠳᠤ ᠣᠨᠠᠪᠠᠯ᠂ ᠡᠩ ᠲᠡᠷᠢᠭᠦᠨ ᠳᠤ ᠯᠠᠪᠳᠠᠭᠤᠨ ᠲᠣᠭᠲᠠᠭᠤᠨ | ᠪᠠᠶᠢᠵᠤ᠂ ᠪᠡᠶ᠎ᠡ ᠪᠠᠨ ᠳᠡᠭᠡᠭᠰᠢ ᠬᠠᠨᠳᠣᠭᠤᠯᠣᠨ᠂ ᠲᠣᠯᠣᠭᠠᠢ ᠪᠠᠨ ᠠᠷᠤᠨᠰᠢ ᠪᠠᠨ ᠬᠡᠳᠦ᠋ᠢᠵᠦ᠂ ᠠᠮᠠ ᠬᠠᠮᠠᠷ ᠢᠶᠠᠨ | ᠠᠯᠢ ᠴᠢᠳᠠᠬᠤ ᠪᠠᠷ ᠤᠰᠤᠨ ᠳᠡᠭᠡᠷ᠎ᠡ ᠭᠠᠷᠭᠠᠵᠤ᠂ ᠴᠢᠳᠠᠬᠤ ᠶᠢᠨ ᠬᠢᠷᠢ ᠪᠠᠷ ᠪᠡᠶ᠎ᠡ ᠪᠠᠨ ᠣᠰᠣᠨ ᠳᠤ ᠵᠢᠪᠪᠦᠭᠦᠯᠬᠦ | ᠦᠭᠡᠢ ᠪᠠᠶᠢᠵᠣ᠂ ᠪᠡᠶ᠎ᠡ ᠲᠡᠭᠡᠷᠡᠬᠢ ᠬᠦᠨᠳᠦ ᠶᠠᠭᠤᠮ᠎ᠠ ᠪᠠᠨ ᠲᠠᠶᠠᠭᠳᠠᠨ᠂ ᠭᠠᠷ ᠢᠶᠠᠨ ᠤᠰᠤᠨ ᠲᠣᠳᠣᠷ᠎ᠠ ᠪᠠᠶᠢᠯᠭᠠᠬᠤ | ᠬᠡᠷᠡᠭᠲᠡᠢ᠂ ᠳᠡᠭᠡᠭᠰᠢ ᠡᠷᠭᠦᠵᠦ ᠪᠣᠯᠬᠤ ᠦᠭᠡᠢ᠂ ᠬᠡᠲᠦᠷᠬᠡᠶ ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ | ᠲᠤᠰᠠᠯᠠᠬᠤ ᠶᠢ ᠬᠦᠯᠢᠶᠡᠨ᠎ᠡ᠃ ᠤᠰᠤᠨ ᠳᠤ ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ | ᠪᠠᠶᠢᠬᠤ ᠬᠡᠷᠡᠭᠲᠡᠶ ᠬᠡᠷᠪᠡ ᠬᠠᠵᠠᠭᠤ ᠳᠤ ᠴᠢᠨᠢ ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ | ᠡᠮᠴᠢ ᠵᠣ᠋ ᠯᠢᠨ ᠱᠧᠩ ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ | ᠬᠢᠷᠢ ᠪᠠᠷ ᠢᠶᠠᠨ ᠠᠪᠤᠷᠠᠬᠤ ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ | ᠦᠭᠡᠢ᠃ ᠠᠪᠤᠷᠠᠭᠴᠢ ᠨᠢ ᠨᠠᠩ ᠣᠯᠠᠨ ᠬᠥᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ | ᠬᠠᠮᠵᠢᠭᠤᠯᠬᠤ ᠬᠡᠷᠡᠭᠲᠡᠶ᠂ ᠡᠭᠦᠨ ᠤ ᠬᠠᠮᠲᠤ ᠤᠰᠤᠨ ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ | ᠮᠣᠳᠣᠨ ᠬᠠᠪᠲᠠᠰᠤ ᠵᠡᠷᠭᠡ ᠪᠠᠷ ᠤᠰᠤᠨ ᠳᠤ ᠵᠢᠪᠪᠦᠭᠰᠡᠨ ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ | ᠠᠪᠣᠷᠠᠵᠣ ᠪᠣᠯᠣᠨ᠎ᠠ᠃ | ᠬᠡᠷᠪᠡ ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ ᠪᠠᠴᠢᠮ ᠪᠠᠶᠢᠪᠠᠯ᠂ ᠳᠠᠷᠤᠶ ᠲᠦᠷᠭᠡᠨ 120 ᠲᠦᠷᠭᠡᠨ | ᠠᠪᠤᠷᠠᠬᠤ ᠤᠲᠠᠰᠤ ᠠᠪᠬᠤ ᠬᠡᠷᠡᠭᠲᠡᠶ᠃ ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ | ᠲᠦᠪᠰᠢᠨ ᠭᠡᠰᠡᠨ ᠢ ᠨᠤᠲᠠᠯᠠᠭᠰᠠᠨ ᠤ ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ | ᠠᠪᠤᠷᠠᠯᠲᠠ ᠬᠢᠭᠰᠡᠳ ᠤᠰᠤᠨ ᠳᠤ ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ | ᠲᠤᠯᠵᠤ᠂ ᠠᠮᠢᠰᠬᠤᠵᠤ ᠴᠢᠳᠠᠬᠤ ᠶᠢ ᠪᠠᠲᠤᠯᠠᠵᠤ᠂ ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃ ᠲᠦᠷᠭᠡᠨ | ᠠᠪᠤᠷᠠᠯᠲᠠ ᠶᠢᠨ ᠬᠥᠮᠦᠰ ᠬᠦᠷᠴᠦ ᠢᠷᠡᠬᠦ ᠠᠴᠠ ᠡᠮᠦᠨ᠎ᠡ᠂ ᠤᠰᠤᠨ ᠳᠤ ᠵᠢᠪᠪᠦᠭᠰᠡᠨ ᠬᠥᠮᠦᠨ ᠢ ᠲᠡᠭᠰᠢᠬᠡᠨ ᠭᠠᠵᠠᠷ | ᠳᠡᠭᠡᠷ᠎ᠡ ᠭᠡᠪᠲᠡᠭᠦᠯᠵᠦ᠂ ᠠᠮᠠᠨ ᠤ ᠬᠥᠨᠳᠡᠶ᠂ ᠬᠠᠮᠠᠷ ᠤᠨ ᠰᠠᠮᠰᠠ ᠳᠤ ᠣᠷᠣᠭᠰᠠᠨ ᠪᠣᠳᠠᠰ ︵ᠵᠢᠱᠢᠶᠡᠯᠡᠪᠡᠯ ᠯᠠᠭ | ᠰᠢᠪᠡᠷ᠂ ᠪᠤᠵᠠᠷ ᠡᠪᠡᠰᠦ ᠵᠡᠷᠭᠡ︶ ᠢ ᠲᠦᠷᠭᠡᠨ ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ ᠵᠢᠪᠪᠦᠭᠰᠡᠨ | ᠬᠥᠮᠦᠨ ᠤ ᠲᠣᠯᠣᠭᠠᠶ ᠶᠢ ᠬᠠᠵᠠᠶᠢᠯᠭᠠᠵᠤ᠂ ᠵᠠᠯᠬᠢᠭᠰᠠᠨ ᠤᠰᠤ ᠶᠢ ᠨᠢ ᠠᠮᠠ ᠪᠠᠷ ᠨᠢ ᠤᠷᠤᠰᠬᠠᠨ ᠭᠠᠷᠭᠠᠵᠤ᠂ ᠳᠠᠬᠢᠨ | ᠲᠣᠯᠣᠭᠠᠶ ᠶᠢ ᠨᠢ ᠲᠡᠭᠡᠭᠡᠰᠢ ᠪᠠᠨ ᠬᠠᠨᠳᠣᠭᠤᠯᠣᠨ᠎ᠠ᠃ ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ | ᠮᠡᠳᠡᠷᠡᠯ ᠪᠠ ᠠᠮᠢᠰᠬᠤᠭ᠎ᠠ ᠶᠢ ᠲᠦᠷᠭᠡᠨ ᠮᠠᠭᠠᠳᠯᠠᠨ᠎ᠠ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ ᠦᠭᠡᠢ ᠪᠣᠯ | ᠳᠠᠷᠦ᠋ᠢᠬᠠᠨ ᠵᠢᠷᠦᠬᠡ ᠠᠭᠤᠰᠭᠢ ᠶᠢ ᠰᠡᠷᠭᠦᠭᠡᠬᠦ ᠠᠪᠣᠷᠠᠯᠳᠠ ᠬᠢᠨ᠎ᠡ᠂ ᠬᠠᠷᠢᠨ ᠤᠰᠤ ᠭᠠᠷᠠᠭᠠᠬᠤ ᠶᠢ ᠶᠠᠭᠠᠷᠠᠵᠤ ᠪᠣᠯᠬᠤ | ᠦᠭᠡᠢ᠂ ᠤᠴᠢᠷ ᠨᠢ ᠤᠰᠤᠨ ᠳᠤ ᠵᠢᠪᠬᠦ ᠦᠶ᠎ᠡ ᠳᠤ ᠬᠡᠳᠦᠨ ᠮᠢᠨᠦ᠋ᠲ ᠤᠨ ᠳᠣᠲᠣᠷ᠎ᠠ ᠤᠰᠤᠨ ᠳᠤ ᠵᠢᠪᠪᠦᠭᠰᠡᠨ | ᠬᠥᠮᠦᠨ ᠤ ᠲᠥᠪᠣᠩᠬᠡᠶ ᠶᠢᠨ ᠠᠪᠴᠢᠯᠲᠠ ᠠᠴᠠ ᠪᠣᠯᠵᠣ᠂ ᠤᠰᠤ ᠨᠢ ᠬᠤᠭᠤᠯᠠᠢ ᠪᠠᠷ ᠳᠡᠮᠵᠢᠨ ᠠᠭᠤᠰᠬᠢᠨ ᠳᠤ | ᠣᠷᠣᠳᠠᠭ ᠥᠬᠡᠶ᠃ ᠡᠨᠡ ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠠᠭᠠᠬᠤ | ᠶᠠᠪᠤᠴᠠ ᠳᠤ ᠬᠤᠳᠣᠭᠤᠳᠣᠨ ᠳᠣᠲᠣᠷᠠᠬᠢ ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ | ᠠᠶᠤᠯ ᠢ ᠨᠡᠮᠡᠭᠳᠡᠭᠦᠯᠳᠡᠭ᠃ |