ᠪᠢᠳᠡᠨ ᠤ ᠪᠠᠶᠠᠷ ᠤᠨ ᠡᠳᠦᠷ᠄ᠤᠯᠤᠰ  ᠤᠨ ᠪᠠᠶᠠᠷ ᠢ ᠤᠭᠲᠤᠬᠤ · ᠨᠠᠢᠮᠠᠨ  ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠢᠴᠢ ︽ᠦᠵᠡᠰᠬᠦᠯᠡᠩᠲᠦ ᠰᠠᠶᠢᠬᠠᠨ ᠬᠠᠶᠢᠷᠤᠪ ᠤᠨ ᠲᠣᠬᠤᠢ︾ ᠭᠤᠤᠯ ᠰᠡᠳᠦᠪᠲᠦ ᠭᠡᠷᠡᠯ ᠵᠢᠷᠤᠭ ᠤᠨ ᠦᠵᠡᠭᠦᠯᠦᠯᠭᠡ ᠶᠢᠨ ᠠᠵᠢᠯᠯᠠᠭ᠎ᠠ ᠬᠠᠶᠢᠷᠤᠪ ᠤᠨ ᠲᠣᠬᠤᠢ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2020/9/28
     9 ᠰᠠᠷ᠎ᠠ ᠶᠢᠨ 26 ᠤ ᠦᠳᠡ  ᠶᠢᠨ ᠡᠮᠦᠨᠡᠬᠢ 9 ᠴᠠᠭ ᠲᠤ᠂ ᠬᠠᠶᠢᠷᠤᠪ ᠤᠨ ᠲᠣᠬᠤᠢ ᠶᠢᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠳᠠᠭᠤᠤ ᠬᠠᠩᠭᠢᠨᠠᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠠᠶᠠᠷᠯᠠᠨ ᠤᠭᠲᠤᠵᠤ᠂ ᠤᠯᠤᠰ ᠤᠨ ᠪᠠᠶᠠᠷ ᠢ ᠪᠡᠯᠭᠡᠯᠡᠬᠦ ᠠᠭᠤᠷ ᠠᠮᠢᠰᠬᠤᠯ ᠢ ᠪᠢᠯᠬᠠᠭᠤᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠹᠧᠩ ᠬᠤᠸᠠᠩ ᠯᠢᠩ ᠵᠡᠭᠡᠯᠢ ᠭᠤᠳᠤᠮ ᠶᠢᠨ ᠴᠠᠩ ᠴᠢᠩ ᠨᠡᠶᠢᠭᠡᠮ ᠲᠣᠭᠤᠷᠢᠭ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠬᠠᠮᠵᠢᠯᠴᠠᠨ ᠡᠷᠬᠢᠯᠡᠭᠴᠢ᠂ ᠦᠬᠠᠢ ᠬᠤᠲᠠ ᠶᠢᠨ ᠱᠦᠨ ᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠬᠢᠯᠡᠭᠰᠡᠨ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠨ᠎ᠡ ᠴᠠᠭ ᠦᠶ᠎ᠡ︾ ᠤᠯᠠᠭᠠᠨᠮᠥ᠋ᠴᠢᠷ ᠤᠨ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠠᠳᠡ ᠬᠥᠰᠢᠭᠡ ᠪᠠᠨ ᠰᠡᠬᠦᠪᠡ᠃ ᠭᠠᠷᠠᠭ ᠤᠨ ᠰᠡᠭᠦᠯᠴᠢ ᠳᠤ᠂ ᠰᠤᠯᠠ ᠰᠡᠯᠡᠭᠦᠦ ᠬᠥᠮᠦᠰ ᠢᠷᠠᠭᠤ ᠰᠠᠶᠢᠬᠠᠨ ᠳᠠᠭᠤᠤ ᠪᠥᠵᠢᠭ ᠤᠨ ᠲᠣᠭᠯᠠᠯᠲᠠ ᠳᠤᠮᠳᠠ᠂ ᠭᠤᠶᠤ ᠰᠠᠶᠢᠬᠠᠨ ᠭᠡᠷᠡᠯ ᠵᠢᠷᠤᠭ ᠤᠨ ᠦᠵᠡᠭᠦᠯᠦᠯᠭᠡ ᠳᠤᠮᠳᠠ ᠬᠠᠶᠢᠷᠤᠪ ᠤᠨ ᠲᠤᠬᠤᠢ ᠲᠤᠭᠤᠷᠢᠭ ᠤᠨ ᠭᠤᠶᠤ ᠰᠠᠶᠢᠬᠠᠨ ᠵᠢᠴᠢ ᠪᠠᠶᠠᠷ ᠤᠨ ᠡᠳᠦᠷ ᠤᠨ ᠠᠭᠤᠷ ᠠᠮᠢᠰᠬᠤᠯ ᠪᠣᠯᠤᠨ ᠤᠳᠬ᠎ᠠ ᠤᠷᠠᠯᠢᠭ ᠤᠨ ᠠᠭᠤᠷ ᠠᠮᠢᠰᠬᠤᠯ ᠢ ᠮᠡᠳᠡᠷᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号