ᠦᠬᠠᠶ ᠨᠠᠭᠤᠷ ᠥᠪᠥᠷ ᠮᠣᠩᠭᠤᠯ ᠤᠨ ᠦᠬᠠᠶ ᠬᠤᠲᠠ ᠳᠤ ᠪᠠᠶᠢᠷᠢᠯᠠᠵᠤ᠂ ᠬᠠᠲᠤᠨ ᠭᠤᠤᠯ ᠤᠨ ᠤᠰᠤᠨ | ᠣᠷᠣᠨ ᠤ ᠨᠢᠭᠡ ᠬᠡᠰᠡᠭ ᠲᠤ ᠬᠠᠷᠢᠶᠠᠯᠠᠭᠳᠠᠨ᠎ᠠ᠃ ᠦᠬᠠᠶ ᠨᠠᠭᠤᠷ ᠪᠣᠯ ᠬᠠᠲᠤᠨ ᠭᠤᠤᠯ ᠤᠨ ᠬᠠᠶᠢᠷᠤᠪ ᠤᠨ | ᠲᠣᠬᠤᠶ ᠶᠢᠨ ᠤᠰᠤᠨ ᠠᠰᠢᠭᠯᠠᠯᠲᠠ ᠶᠢᠨ ᠭᠦᠢᠰᠤ ᠶᠢ ᠪᠠᠶᠢᠭᠤᠯᠤᠭᠰᠠᠨ ᠤ ᠳᠠᠷᠠᠭ᠎ᠠ 2013 ᠤᠨ ᠤ 12 | ᠰᠠᠷ᠎ᠠ ᠶᠢᠨ ᠰᠡᠭᠦᠯᠴᠢ ᠪᠠᠷ ᠤᠰᠤ ᠬᠠᠳᠠᠭᠠᠯᠠᠵᠤ᠂ ᠶᠡᠷᠦᠩᠬᠡᠶ ᠲᠠᠯᠠᠪᠠᠢ ᠨᠢ 118 ᠲᠡᠭᠰᠢ ᠲᠦᠷᠪᠡᠯᠵᠢᠨ | ᠺᠢᠯᠣᠮᠧᠲᠷ ᠲᠤ ᠬᠦᠷᠦᠭᠰᠡᠨ ᠬᠢᠮᠡᠯ ᠨᠠᠭᠤᠷ᠂ ᠲᠠᠯᠠᠪᠠᠶ ᠨᠢ ᠬᠠᠩᠵᠧᠦ ᠶᠢᠨ ᠰᠢ ᠬᠡᠤ ᠨᠠᠭᠤᠷ ᠤᠨ 18.5 ᠳᠠᠬᠢᠨ᠂ | ᠨᠢᠩᠰᠢᠶᠠ ᠶᠢᠨ ᠡᠯᠡᠰᠦᠨ ᠨᠠᠭᠤᠷ ᠤᠨ 2.6 ᠳᠠᠬᠢᠨ ᠪᠣᠯᠤᠨ᠎ᠠ᠃ ᠦᠬᠠᠶ ᠬᠤᠲᠠ ᠶᠢᠨ ᠬᠢᠯᠢ ᠳᠣᠲᠣᠷ᠎ᠠ᠂ | ᠬᠠᠶᠢᠷᠤᠪ ᠤᠨ ᠲᠣᠬᠤᠶ ᠲᠣᠭᠤᠷᠢᠭ ᠪᠠ ᠤᠳᠠ ᠲᠣᠭᠤᠷᠢᠭ ᠤᠨ ᠬᠤᠭᠤᠷᠣᠨᠳᠣ ᠪᠠᠶᠢᠬᠤ ᠠᠴᠠ ᠨᠡᠷ᠎ᠡ ᠣᠯᠵᠠᠶ᠃ | ᠦᠬᠠᠢ ᠨᠠᠭᠤᠷ ᠦᠵᠡᠮᠵᠢ ᠶᠢᠨ ᠣᠷᠣᠨ ᠤ ᠭᠤᠣᠯ ᠪᠠᠶᠢᠷᠢᠨ ᠳᠤ ᠪᠠᠶᠢᠷᠢᠯᠠᠵᠤ᠂ ᠤᠮᠠᠷᠠᠰᠢ ᠤᠰᠤᠨ ᠠᠰᠢᠭᠯᠠᠯᠲᠠ ᠶᠢᠨ | ᠵᠠᠩᠭᠢᠯᠠᠭ᠎ᠠ ᠶᠢᠨ ᠬᠠᠰᠢᠯᠭ᠎ᠠ᠂ ᠪᠠᠷᠠᠭᠤᠨᠰᠢ ᠤᠯᠠᠭᠠᠨᠪᠤᠬ᠎ᠠ ᠡᠯᠡᠰᠦᠨ ᠴᠥᠯ ᠲᠠᠢ ᠵᠠᠯᠭᠠᠯᠳᠤᠵᠤ᠂ ᠡᠮᠦᠨᠡᠰᠢ ᠬᠠᠲᠤᠨ | ᠭᠤᠤᠯ ᠤᠨ ᠦᠬᠠᠶ ᠶᠢᠨ ᠬᠡᠰᠡᠭ ᠤᠨ ᠳᠡᠭᠡᠳᠦ ᠬᠡᠰᠡᠭ ᠤᠨ ᠭᠤᠤᠯ ᠤᠨ ᠵᠠᠮ ᠲᠠᠢ ᠵᠠᠯᠭᠠᠯᠳᠤᠵᠤ᠂ ᠵᠡᠭᠦᠨᠰᠢ ᠦᠬᠠᠶ | ᠬᠤᠲᠠ ᠶᠢᠨ ᠪᠢᠨ ᠾᠧ ᠭᠤᠤᠯ ᠤᠨ ᠦᠵᠡᠮᠵᠢ ᠶᠢᠨ ᠪᠦᠰᠡ ᠲᠠᠢ ᠵᠠᠯᠭᠠᠯᠳᠤᠵᠤ᠂ ᠠᠯᠤᠰ ᠲᠤ ᠪᠠᠰᠠ ᠭᠠᠨᠳᠡᠷ | ᠠᠭᠤᠯᠠ ᠨᠢᠷᠤᠭᠤ ᠪᠠᠶᠢᠵᠤ᠂ ᠡᠯᠪᠡᠭ ᠪᠠᠶᠠᠯᠢᠭ ᠦᠵᠡᠮᠵᠢ ᠨᠢ ᠲᠣᠯᠢ ᠮᠡᠲᠦ ᠨᠠᠮᠵᠢᠭᠤᠨ ᠨᠠᠭᠤᠷ ᠤᠨ ᠤᠰᠤ ᠲᠠᠢ ᠨᠢᠭᠡ | ᠴᠣᠭᠴᠠ ᠪᠣᠯᠵᠤ ᠠᠭᠤᠰᠴᠠᠶ᠃ | ᠦᠬᠠᠢ ᠨᠠᠭᠤᠷ ᠤᠨ ᠶᠡᠭᠡ ᠬᠥᠭᠦᠷᠭᠡ ᠪᠣᠯᠤᠨ ᠤᠯᠤᠰ ᠤᠨ ᠵᠠᠮ ᠤᠨ 110 ᠱᠤᠭᠤᠮ ᠤᠨ ᠦᠬᠠᠶ ᠶᠢᠨ | ᠬᠠᠳᠤᠨ ᠭᠤᠤᠯ ᠤᠨ ᠶᠡᠭᠡ ᠬᠥᠭᠦᠷᠭᠡ᠂ ᠦᠬᠠᠶ ᠬᠤᠲᠠ ᠶᠢᠨ ︽ᠨᠢᠭᠡ ᠬᠤᠲᠠ ᠬᠤᠶᠠᠷ ᠲᠥᠪ︾ ᠢ ᠪᠠᠶᠢᠭᠤᠯᠬᠤ ᠭᠤᠤᠯ | ᠬᠤᠯᠪᠣᠭᠠᠰᠤ᠂ ︽ᠨᠢᠭᠡ ᠬᠥᠨᠳᠡᠯᠡᠨ ᠬᠤᠶᠠᠷ ᠴᠠᠭᠠᠷᠢᠭ ᠭᠤᠷᠪᠠᠨ ᠭᠤᠯᠳᠤ︾ ᠵᠠᠰᠠᠮᠠᠯ ᠵᠠᠮ ᠤᠨ ᠭᠤᠤᠯ ᠨᠢᠷᠤᠭᠤᠪᠴᠢ | ᠲᠣᠤᠷ ᠤᠨ ᠴᠢᠬᠤᠯᠠ ᠬᠡᠰᠡᠭ ᠪᠣᠯᠤᠨ᠎ᠠ᠃ ᠮᠥᠨᠴᠦ ︽ᠨᠢᠭᠡ ᠮᠥᠴᠡ ᠶᠢᠨ ᠠᠮᠢᠳᠤᠷᠠᠯ ᠤᠨ ᠬᠦᠷᠢᠶ᠎ᠡ᠂ ᠬᠠᠭᠠᠰ ᠴᠠᠭ ᠤᠨ | ᠠᠵᠤ ᠠᠬᠤᠶ ᠶᠢᠨ ᠬᠦᠷᠢᠶ᠎ᠡ᠂ ᠨᠢᠭᠡ ᠴᠠᠭ ᠤᠨ ᠬᠤᠲᠠ ᠶᠢᠨ ᠬᠦᠷᠢᠶ᠎ᠡ︾ ᠶᠢ ᠪᠠᠶᠢᠭᠤᠯᠬᠤ ᠵᠠᠩᠭᠢᠯᠠᠭ᠎ᠠ ᠶᠢᠨ ᠭᠤᠭᠴᠤᠭ᠎ᠠ | ᠪᠣᠯᠤᠨ᠎ᠠ᠃ | ᠬᠠᠳᠤᠨ ᠭᠤᠣᠯ ᠤᠨ ᠰᠣᠶᠣᠯ ᠢᠶᠠᠷ ᠰᠤᠳᠠᠰᠤ ᠪᠣᠯᠭᠠᠭᠰᠠᠨ ᠯᠤᠲᠤ ᠶᠡᠭᠡ ᠣᠷᠣᠨ ᠵᠠᠶ ᠶᠢᠨ ᠳᠠᠪᠠᠭᠤᠯᠢᠭ ᠪᠠ | ᠦᠵᠡᠮᠵᠢ ᠶᠢᠨ ᠳᠠᠪᠠᠭᠤᠯᠢᠭ ᠢᠶᠠᠷ ᠲᠦᠰᠢᠭ ᠪᠣᠯᠭᠠᠭᠰᠠᠨ ᠥᠪᠥᠷ ᠮᠤᠩᠭᠤᠯ ᠤᠨ ᠪᠠᠷᠠᠭᠤᠨ ᠬᠡᠰᠡᠭ ᠤᠨ ᠳᠡᠭᠡᠳᠦ | ᠲᠠᠰ ᠤᠨ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠪᠠᠶᠢᠭᠤᠯᠬᠤ ᠶᠢᠨ ᠲᠦᠯᠤᠭᠡ᠂ | ᠦᠵᠡᠮᠵᠢ ᠶᠢᠨ ᠣᠷᠣᠨ ᠦᠬᠠᠶ ᠶᠢᠨ ᠬᠠᠮᠤᠭ ᠤᠨ ᠥᠨᠳᠥᠷ ᠳᠡᠰ ᠤᠨ ᠵᠢᠭᠤᠯᠴᠢᠯᠠᠯ᠂ ᠰᠣᠶᠣᠯ᠂ ᠬᠤᠳᠠᠯᠳᠤᠭᠠᠨ ᠤ | ᠶᠠᠪᠤᠳᠠᠯ᠂ ᠬᠠᠮ ᠦᠵᠡᠰᠬᠦᠯᠡᠩ᠂ ᠵᠤᠭ᠎ᠠ ᠴᠡᠩᠭᠡᠯ᠂ ᠭᠠᠵᠠᠷ ᠬᠥᠷᠥᠩᠭᠡ᠂ ᠪᠢᠨ ᠱᠦᠶ ᠶᠢᠨ ᠰᠡᠯᠡᠭᠦᠴᠡᠯ ᠠᠮᠠᠷᠠᠯᠲᠠ | ᠵᠡᠷᠭᠡ ᠢᠵᠢ ᠪᠥᠷᠢᠳᠦᠭᠰᠡᠨ ᠤᠶᠢᠯᠡᠴᠢᠯᠡᠭᠡᠨ ᠤ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠤᠰᠤᠨ ᠳᠡᠭᠡᠷᠡᠬᠢ | ᠵᠤᠭ᠎ᠠ ᠴᠡᠩᠭᠡᠯ᠂ ᠡᠯᠡᠰᠦᠨ ᠴᠦᠯ ᠤᠨ ᠲᠥᠷᠥᠯ ᠵᠦᠢᠯ᠂ ᠳᠣᠣᠷ᠎ᠠ ᠠᠭᠠᠷ ᠤᠨ ᠨᠢᠰᠦᠯᠲᠡ ᠪᠠᠷ ᠭᠤᠣᠯ ᠪᠣᠯᠭᠠᠭᠰᠠᠨ | ᠤᠯᠤᠰ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ ᠢ ᠨᠡᠭᠡᠭᠡᠨ ᠬᠥᠭᠵᠢᠭᠦᠯᠵᠦ᠂ ᠡᠯᠡᠰᠦᠨ ᠴᠦᠯ ᠤᠨ | ᠬᠡᠭᠡᠷ᠎ᠡ ᠶᠢᠨ ᠲᠡᠷᠭᠡ᠂ ᠡᠯᠡᠰᠦᠨ ᠴᠦᠯ ᠤᠨ ᠮᠣᠲ᠋ᠣᠷ ᠲᠡᠷᠭᠡ᠂ ᠠᠷᠠᠰᠤᠨ ᠰᠡᠯᠢᠭᠦᠷᠲᠤ ᠵᠠᠪᠢ᠂ ᠡᠯᠡᠰᠦ ᠬᠠᠯᠢᠬᠤ | ᠬᠠᠪᠲᠠᠰᠤ᠂ ᠭᠢᠰᠬᠢᠭᠦᠷ ᠬᠥᠪᠪᠥᠭᠦᠷ ᠣᠩᠭᠤᠴᠠ᠂ ᠤᠰᠤᠨ ᠳᠡᠭᠡᠷᠡᠬᠢ ᠨᠢᠰᠬᠡᠯ᠂ ᠬᠥᠳᠡᠯᠭᠡᠬᠦ ᠬᠦᠴᠤᠨ ᠭᠤᠷᠪᠠᠯᠵᠢᠨ | ᠳᠠᠯᠠᠪᠴᠢ ᠵᠡᠷᠭᠡ ︽ᠲᠡᠯᠡᠶ ᠬᠠᠭᠤᠷᠠᠶ ᠠᠭᠠᠷ︾ ᠤᠨ ᠣᠯᠠᠨ ᠥᠨᠴᠥᠭ ᠤᠨ ᠪᠡᠶᠡᠴᠢᠯᠡᠨ ᠣᠶᠢᠯᠠᠭᠠᠬᠤ ᠲᠥᠷᠥᠯ | ᠵᠤᠶᠢᠯ ᠢ ᠥᠷᠨᠢᠭᠦᠯᠦᠨ᠎ᠡ᠃ ᠬᠠᠳᠤᠨ ᠭᠤᠤᠯ ᠤᠨ ᠦᠵᠡᠮᠵᠢ ᠶᠢ ᠣᠳᠣ ᠦᠶ᠎ᠡ ᠶᠢᠨ ᠬᠤᠲᠠ ᠳᠤ ᠠᠭᠤᠰᠬᠠᠨ | ᠣᠷᠣᠭᠤᠯᠵᠤ ᠬᠥᠮᠦᠨ ᠬᠢᠭᠡᠳ ᠪᠠᠶᠢᠭᠠᠯᠢ ᠶᠢᠨ ᠬᠠᠮᠲᠤᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠦ᠂ ᠬᠤᠲᠠ ᠨᠢ | ᠤᠰᠤᠨ ᠳᠡᠭᠡᠷ ᠡ ᠪᠠᠶᠢᠵᠤ᠂ ᠭᠤᠣᠯ ᠮᠥᠷᠡᠨ ᠨᠢ ᠬᠤᠲᠠ ᠶᠢᠨ ᠳᠤᠮᠳᠠ ᠪᠠᠶᠢᠬᠤ ᠦᠵᠡᠮᠵᠢ ᠨᠢ ᠦᠬᠠᠶ ᠶᠢ ᠦᠨᠡᠨ ᠬᠦ | ᠬᠠᠲᠤᠨ ᠭᠤᠣᠯ ᠤᠨ ᠠᠯᠲᠠᠨ ᠪᠦᠰᠡᠨ ᠤ ᠭᠡᠷᠡᠯᠲᠦ ᠰᠤᠪᠤᠳ ᠪᠣᠯᠭᠠᠭᠰᠠᠨ ᠪᠠᠶᠢᠨ᠎ᠠ᠃ | | | | | | | | |