ᠦᠬᠠᠶ ᠶᠢᠨ ᠨᠡᠭᠦᠷᠡᠰᠦᠨ ᠤ ᠮᠦᠽᠧᠶ ᠶᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠳᠠᠬᠢᠨ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2021/1/14
     2020 ᠣᠨ ᠤ 12 ᠳ᠋ᠤᠭᠠᠷ ᠰᠠᠷ᠎ᠠ ᠶᠢᠨ 30  ᠎ ᠤ ᠡᠳᠦᠷ᠂ ᠦᠬᠠᠶ ᠶᠢᠨ ᠨᠡᠭᠦᠷᠡᠰᠦᠨ ᠤ ᠮᠦᠽᠧᠶ ᠶᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ ᠳᠠᠭᠢᠵᠤ ᠡᠭᠦᠳᠡ ᠪᠠᠨ ᠨᠡᠭᠡᠭᠡᠪᠡ᠃      ᠳᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ ᠨᠡᠭᠦᠷᠡᠰᠦᠨ ᠤ ᠮᠦᠽᠧᠢ ᠳᠤ 4 ᠬᠡᠰᠡᠭ ᠨᠡᠭᠦᠷᠡᠰᠦ ᠪᠦᠷᠢᠯᠳᠦᠬᠦ᠂ ᠨᠡᠭᠦᠷᠡᠰᠦ ᠡᠳ᠋ᠰᠢᠭᠦᠯᠬᠦ᠂ ᠨᠡᠭᠦᠷᠡᠰᠦᠨ ᠤ ᠡᠬᠢ ᠪᠠᠶᠠᠯᠢᠭ ᠢ ᠣᠨᠳᠣᠣᠰᠢᠭᠤᠯᠬᠤ LED ᠲᠤᠮᠤ ᠳᠡᠯᠭᠡᠴᠡ ᠶᠢ ᠨᠡᠮᠡᠵᠦ᠂ ᠦᠬᠠᠢ ᠶᠢᠨ ᠨᠡᠭᠦᠷᠡᠰᠦᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠪᠤᠳᠤᠭᠠᠷ ᠪᠦᠯᠦᠭ《 ᠬᠡᠯᠪᠡᠷᠢ ᠪᠠᠨ ᠬᠤᠪᠢᠷᠠᠭᠤᠯᠤᠨ ᠡᠨᠧᠷᠭᠢ ᠣᠯᠭᠤᠵᠤ ᠴᠢᠨᠠᠷ ᠰᠠᠶᠢᠲᠠᠢ ᠬᠥᠭᠵᠢᠭᠦᠯᠬᠦ 》ᠦᠵᠡᠭᠦᠯᠭᠡ ᠶᠢᠨ ᠲᠢᠩᠬᠢᠮ ᠢ ᠰᠢᠨ᠎ᠡ ᠪᠠᠷ ᠲᠥᠯᠥᠪᠵᠢᠭᠦᠯᠦᠨ ᠪᠠᠶᠢᠷᠢᠯᠠᠭᠤᠯᠵᠠᠢ᠃ ᠦᠬᠠᠢ ᠶᠢᠨ ᠨᠡᠭᠦᠷᠡᠰᠦᠨ ᠤ ᠮᠦᠽᠧᠢ ᠶᠢᠨ ᠲᠠᠶᠢᠯᠪᠤᠷᠢᠯᠠᠭᠴᠢ ᠴᠢᠦᠢ ᠸᠧᠨ ᠢᠦᠢ ᠰᠤᠷᠪᠤᠯᠵᠢᠯᠠᠭᠴᠢ ᠳᠤ᠄《 ᠦᠬᠠᠢ ᠶᠢᠨ ᠨᠡᠭᠦᠷᠡᠰᠦᠨ ᠤ ᠮᠦᠽᠧᠢ 2020 ᠣᠨ ᠤ 11 ᠰᠠᠷ᠎ᠠ ᠶᠢᠨ 6  ᠎ ᠤ ᠡᠳᠦᠷ ᠡᠭᠦᠳᠡ ᠪᠠᠨ ᠬᠠᠭᠠᠵᠤ ᠬᠡᠰᠡᠭ ᠣᠷᠣᠨ ᠪᠦᠰᠡ ᠶᠢ ᠳᠡᠰ ᠳᠡᠪᠰᠢᠭᠦᠯᠦᠨ ᠥᠭᠡᠷᠡᠴᠢᠯᠡᠨ ᠪᠠᠶᠢᠭᠤᠯᠪᠠ᠃ ᠰᠢᠨ᠎ᠡ ᠪᠠᠷ ᠥᠭᠡᠷᠡᠴᠢᠯᠡᠭᠰᠡᠨ ᠬᠡᠰᠡᠭ ᠨᠢ ᠬᠤᠲᠠ ᠪᠠᠶᠢᠭᠤᠯᠤᠭᠳᠠᠭᠰᠠᠨ ᠤ ᠳᠠᠷᠠᠭ᠎ᠠ ᠮᠠᠨ ᠤ ᠬᠤᠲᠠ ᠶᠢᠨ ᠨᠡᠭᠦᠷᠡᠰᠦᠨ ᠤ ᠠᠵᠤ ᠦᠶᠯᠡᠳᠪᠦᠷᠢ ᠶᠢᠨ ᠬᠥᠭᠵᠢᠯᠲᠡ ᠬᠢᠭᠡᠳ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠶᠢᠨ ᠰᠥᠪᠡᠭᠴᠢᠯᠡᠯᠲᠡ ᠪᠠ ᠠᠮᠵᠢᠯᠲᠠ ᠪᠦᠲᠦᠮᠵᠢ ᠪᠣᠯᠤᠨ᠎ᠠ᠃ ᠡᠨᠡ ᠤᠳᠠᠭ᠎ᠠ ᠶᠢᠨ ᠥᠭᠡᠷᠡᠴᠢᠯᠡᠯᠲᠡ ᠨᠢ ᠴᠠᠭ ᠦᠶ᠎ᠡ ᠶᠢᠨ ᠬᠥᠭᠵᠢᠯᠲᠡ ᠳᠤ ᠵᠣᠬᠢᠴᠠᠬᠤ ᠡᠭᠦᠳᠡᠨ ᠠᠴᠠ ᠡᠭᠦᠰᠴᠦ᠂ ᠮᠠᠰᠢ ᠤᠯᠠᠨ ᠳᠠᠭᠤ ᠭᠡᠷᠡᠯ ᠴᠠᠬᠢᠯᠭᠠᠨ ᠤ ᠡᠯᠧᠮᠧᠨ᠋ᠲ ᠢ ᠨᠡᠮᠡᠵᠦ᠂ ᠡᠯ᠎ᠡ ᠲᠦᠷᠦᠯ ᠤᠨ ᠡᠯᠧᠺᠲᠷᠣᠨ ᠦᠢᠯᠡᠳᠬᠦᠨ ᠤ ᠬᠡᠷᠡᠭᠯᠡᠯᠲᠡ ᠨᠢ ᠥᠷᠭᠡᠨ ᠤᠯᠠᠨ ᠵᠤᠭᠠᠴᠠᠭᠰᠠᠳ ᠤᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠬᠦ ᠪᠣᠯᠤᠨ᠎ᠠ᠃ 》      ᠲᠤᠬᠠᠶ ᠶᠢᠨ ᠡᠳᠦᠷ ᠪᠠᠰᠠ《 ᠠᠭᠤᠷᠬᠠᠶ ᠶᠢᠨ ᠠᠵᠢᠯᠴᠢᠨ ᠤ ᠬᠥᠷᠥᠭ ᠵᠢᠷᠤᠭ 》᠂《 ᠰᠢᠨ᠎ᠡ ᠵᠢᠯ ᠢ ᠤᠭᠲᠤᠶ᠎ᠠ 》᠂《 ᠳᠤᠮᠳᠠᠳᠤ ᠶᠢᠨ ᠠᠷᠪᠠᠨ ᠪᠣᠭᠳᠠ 》ᠵᠡᠷᠭᠡ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠳᠡᠯᠭᠡᠨ ᠦᠵᠡᠭᠦᠯᠵᠦ᠂ ᠴᠠᠭᠠᠰᠤᠨ ᠬᠠᠶᠢᠴᠢᠯᠠᠮᠠᠯ ᠢᠶᠠᠷ ᠠᠭᠤᠷᠬᠠᠶ ᠶᠢᠨ ᠠᠵᠢᠯᠴᠢᠨ ᠤ ᠦᠶᠯᠡᠳᠪᠦᠷᠢᠯᠡᠯ ᠠᠮᠢᠳᠤᠷᠠᠯ ᠵᠢᠴᠢ ᠣᠶᠤᠨ ᠰᠠᠨᠠᠭᠠᠨ ᠤ ᠳᠦᠷᠰᠦ ᠪᠠᠶᠢᠳᠠᠯ ᠤᠨ ᠬᠤᠪᠢᠷᠠᠯᠲᠠ ᠶᠢ ᠵᠢᠷᠤᠭᠯᠠᠪᠠ᠂ ᠡᠨᠡ ᠪᠣᠯ ᠤᠯᠠᠮᠵᠢᠯᠠᠯᠲᠤ ᠰᠣᠶᠣᠯ ᠤᠷᠠᠯᠢᠭ ᠬᠢᠭᠡᠳ ᠣᠳᠣᠬᠢᠴᠢᠯᠠᠭᠰᠠᠨ ᠮᠦᠽᠧᠶ ᠶᠢ ᠤᠶᠠᠯᠳᠤᠭᠤᠯᠤᠨ ᠬᠥᠭᠵᠢᠭᠦᠯᠦᠭᠰᠡᠨ ᠰᠢᠨ᠎ᠡ ᠶᠢ ᠡᠭᠦᠳᠦᠭᠰᠡᠨ ᠦᠶᠯᠡᠳᠦᠯᠭᠡ ᠪᠣᠯᠤᠨ᠎ᠠ᠃ ᠬᠤᠲᠠ ᠶᠢᠨ ᠭᠠᠷ ᠤᠷᠠᠯᠠᠯ ᠤᠷᠠᠨ ᠵᠢᠷᠤᠭ ᠤᠨ ᠨᠡᠶᠢᠭᠡᠮᠯᠢᠭ ᠤᠨ ᠭᠡᠰᠢᠭᠦᠨ ᠶᠠᠩ ᠯᠢᠦ  ᠰᠦᠸᠧ᠄《 ᠪᠢ ᠪᠣᠯ ᠨᠡᠭᠦᠷᠡᠰᠦᠨ ᠠᠭᠤᠷᠬᠠᠶ ᠶᠢᠨ ᠠᠵᠢᠯᠴᠢᠨ ᠮᠥᠨ᠂ ᠨᠡᠭᠦᠷᠡᠰᠦᠨ ᠠᠭᠤᠷᠬᠠᠶ ᠳᠤ 40 ᠭᠠᠷᠤᠶ ᠵᠢᠯ ᠠᠵᠢᠯᠯᠠᠵᠤ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠪᠢ ᠠᠭᠤᠷᠬᠠᠶ ᠶᠢᠨ ᠠᠮᠢᠳᠤᠷᠠᠯ ᠪᠣᠯᠤᠨ ᠠᠵᠢᠯᠴᠢᠳ ᠢᠶᠠᠨ ᠭᠦᠨ ᠮᠥᠷᠥᠭᠡᠳᠦᠨ ᠰᠠᠨᠠᠭᠠᠯᠵᠠᠵᠤ ᠪᠠᠶᠢᠨ᠎ᠠ᠂ ᠡᠭᠦᠨ ᠤ ᠲᠤᠯᠠᠳᠠ ᠪᠢ ᠡᠨᠡ ᠢᠵᠢ ᠠᠭᠤᠷᠬᠠᠶ ᠎ ᠶᠢᠨ ᠠᠵᠢᠯᠴᠢᠨ ᠤ ᠬᠥᠷᠥᠭ ᠲᠠᠢ ᠴᠠᠭᠠᠰᠤᠨ ᠬᠠᠶᠢᠴᠢᠯᠠᠮᠠᠯ ᠢ ᠵᠣᠬᠢᠶᠠᠨ ᠪᠦᠲᠦᠭᠡᠭᠰᠡᠨ ᠶᠤᠮ᠃ ᠥᠨᠥᠳᠦᠷ ᠵᠣᠯ ᠢᠶᠠᠷ ᠠᠳᠡ ᠳᠡᠯᠭᠡᠨ ᠦᠵᠡᠭᠦᠯᠵᠦ᠂ ᠮᠦᠽᠧᠢ ᠨᠠᠳᠠ ᠳᠤ ᠲᠠᠪᠴᠠᠩ ᠬᠠᠩᠭᠠᠭᠰᠠᠨ ᠳᠤ ᠲᠤᠩ ᠲᠠᠯᠠᠷᠬᠠᠵᠤ ᠪᠠᠢᠨ᠎ᠠ᠃ 》     ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠦᠬᠠᠶ ᠶᠢᠨ ᠨᠡᠭᠦᠷᠡᠰᠦᠨ ᠤ ᠮᠦᠽᠧᠶ ᠨᠢ ᠥᠷᠭᠡᠨ ᠣᠯᠠᠨ ᠬᠤᠲᠠ ᠶᠢᠨ ᠠᠷᠠᠳ ᠲᠤ ᠨᠠᠩ ᠣᠯᠠᠨ ᠡᠰᠢᠲᠦ ᠰᠣᠶᠣᠯ ᠤᠨ ᠣᠶᠢᠯᠠᠭᠠᠯᠲᠠ ᠶᠢ ᠠᠪᠴᠢᠷᠠᠵᠤ᠂ ᠲᠣᠭᠤᠷᠢᠨ ᠦᠵᠡᠭᠴᠢᠳ ᠲᠤ ᠬᠠᠭᠠᠰ ᠵᠠᠭᠤᠨ ᠤ ᠲᠤᠷᠰᠢᠬᠢ ᠦᠬᠠᠶ ᠶᠢᠨ ᠨᠡᠭᠦᠷᠡᠰᠦᠨ ᠤ ᠠᠵᠤ ᠦᠶᠯᠡᠳᠪᠦᠷᠢ ᠶᠢᠨ ᠬᠥᠭᠵᠢᠯᠲᠡ ᠎ ᠶᠢᠨ ᠲᠡᠦᠬᠡ ᠪᠠ ᠨᠡᠭᠦᠷᠡᠰᠦᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠰᠢᠭᠤᠳ ᠣᠶᠢᠯᠠᠭᠠᠭᠤᠯᠵᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号