ᠬᠠᠶᠢᠷᠤᠪ ᠤᠨ ᠲᠤᠬᠤᠢ ᠲᠣᠭᠤᠷᠢᠭ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠵᠢᠴᠢ《 ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ 》᠎ ᠶᠢ ᠱᠠᠳᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠎ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠵᠢᠴᠢ《 ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ 》  ᠎ ᠶᠢ ᠲᠠᠰ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠳᠡᠭᠡᠷ᠎ᠡ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠴᠢ ᠪᠤᠰᠤᠳ ᠡᠯ᠎ᠡ ᠬᠠᠮᠢᠶ᠎ᠠ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠲᠣᠰ ᠲᠣᠰ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ《 ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ 》ᠠᠵᠢᠯ ᠢ ᠪᠣᠳᠠᠲᠠᠶ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠢᠶᠠᠯ ᠤᠨ ᠮᠡᠳᠡᠭᠦᠯᠦᠯᠲᠡ ᠬᠢᠪᠠ᠃       ᠴᠢ ᠹᠧᠶ ᠶᠦᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ 《 ᠬᠤᠶᠠᠷ ᠬᠠᠷᠢᠭᠤᠴᠠᠯᠭ᠎ᠠ 》  ᠎ ᠶᠢ ᠭᠦᠶᠴᠡᠳᠬᠡᠬᠦ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠭᠦᠶᠴᠡᠳᠬᠡᠬᠦ  ᠎ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠣᠳᠠᠲᠠᠶ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠨᠢᠭᠡᠳ ᠨᠢᠭᠡ ᠪᠠᠷ ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠡᠯ᠎ᠡ ᠵᠦᠶᠯ ᠤᠨ ᠲᠦᠷᠢᠮ ᠤᠨ ᠳᠤᠲᠠᠭᠳᠠᠯ ᠢ ᠪᠦᠲᠦᠮᠵᠢᠲᠡᠶ ᠬᠤᠷᠢᠭᠯᠠᠵᠤ᠂ ᠨᠠᠮ ᠎ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ 《 ᠲᠦᠷᠪᠡᠨ ᠰᠤᠷᠲᠠᠯ 》᠎ ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠠᠯᠳᠠᠰᠢ ᠭᠠᠷᠬᠤ ᠶᠢ ᠬᠦᠴᠦᠯᠡᠨ ᠬᠤᠷᠢᠭᠯᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠶᠢᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠳᠤ ᠡᠷᠬᠡᠪᠰᠢ ᠴᠢᠩᠭ᠎ᠠ ᠪᠠᠶᠢᠬᠤ ᠴᠢᠩᠭ᠎ᠠ ᠲᠤᠬᠢᠶ᠎ᠠ ᠶᠢ ᠦᠷᠭᠦᠯᠵᠢᠯᠡᠨ ᠭᠠᠷᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢ《 ᠠᠭᠤᠵᠢᠭᠤ ᠰᠤᠯᠠ ᠵᠥᠭᠡᠯᠡᠨ 》 ᠪᠠᠶᠢᠭᠰᠠᠨ ᠠᠴᠠ《 ᠴᠢᠩᠭ᠎ᠠ ᠬᠠᠲᠠᠭᠤ 》 ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠰᠢᠯᠭᠠᠨ ᠬᠢᠨᠠᠬᠤ ᠶᠢᠨ 《 ᠳᠣᠬᠢᠭᠤᠷ 》᠎ ᠤᠨ ᠦᠶᠯᠡᠳᠦᠯ ᠢ ᠭᠦᠶᠴᠡᠳ ᠰᠠᠶᠢᠲᠤᠷ ᠪᠠᠳᠠᠷᠠᠭᠤᠯᠵᠤ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠣᠨ ᠤ ᠰᠢᠯᠭᠠᠨ ᠬᠢᠨᠠᠬᠤ ᠬᠠᠷᠠᠯᠲᠠ ᠶᠢ ᠬᠠᠷᠢᠴᠠᠭᠤᠯᠤᠨ ᠬᠠᠷᠭᠤᠭᠤᠯᠵᠤ᠂ 2020 ᠣᠨ ᠤ ᠠᠵᠢᠯ ᠢᠶᠠᠨ ᠲᠣᠭᠠᠯᠠᠨ ᠪᠦᠷᠢᠳᠬᠡᠵᠦ᠂ ᠬᠢᠬᠦ ᠶᠣᠰᠣᠲᠠᠶ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠣᠨ ᠤ ᠰᠢᠯᠭᠠᠨ ᠬᠢᠨᠠᠭᠰᠠᠨ ᠬᠢᠷᠢ ᠪᠦᠲᠦᠮᠵᠢ ᠪᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠭᠰᠠᠨ ᠰᠢᠨ᠎ᠡ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号