ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠢ | ᠶᠢᠨ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠢᠮᠠᠭᠲᠠ《 ᠵᠢᠷᠭᠤᠭ᠎ᠠ | ᠶᠢ ᠲᠣᠭᠲᠠᠪᠤᠷᠢᠵᠢᠭᠤᠯᠬᠤ 》 ᠠᠵᠢᠯ ᠢ ᠰᠠᠶᠢᠲᠤᠷ ᠬᠢᠬᠦ᠂ 《 ᠵᠢᠷᠭᠤᠭ᠎ᠠ ᠶᠢ ᠪᠠᠲᠤᠯᠠᠬᠤ 》 ᠡᠭᠦᠷᠭᠡ ᠶᠢ | ᠨᠠᠶᠢᠳᠠᠪᠤᠷᠢᠵᠢᠭᠤᠯᠬᠤ ᠪᠠᠷ ᠤᠳᠤᠷᠢᠳᠤᠮᠵᠢ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ | ᠶᠢ ᠡᠷᠬᠡ ᠲᠡᠭᠰᠢ ᠪᠠᠷ ᠬᠠᠮᠠᠭᠠᠯᠠᠵᠤ᠂ ᠭᠠᠵᠠᠷ ᠣᠷᠣᠨ ᠤ ᠠᠵᠤ ᠠᠬᠤᠢ ᠶᠢᠨ ᠡᠮᠬᠢ ᠳᠢᠭᠯᠢᠮ ᠲᠠᠢ ᠬᠥᠭᠵᠢᠯᠲᠡ ᠶᠢ | ᠪᠠᠲᠤᠯᠠᠬᠤ ᠳᠤ ᠦᠢᠯᠡᠴᠢᠯᠡᠪᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ《 ᠭᠤᠷᠪᠠᠨ ᠵᠦᠶᠯ ᠤᠨ ᠳᠦᠷᠢᠮ 》 ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠬᠠᠤᠯᠢᠵᠢᠯ ᠤᠨ ᠵᠠᠰᠠᠭ ᠤᠨ ᠣᠷᠳᠣᠨ ᠳᠤ | ᠲᠦᠰᠢᠭᠯᠡᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠬᠥᠳᠡᠯᠦᠩᠭᠦᠢ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ | ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠ ᠬᠠᠤᠯᠢ ᠬᠡᠷᠡᠭᠵᠢᠭᠦᠯᠬᠦ | ᠠᠵᠢᠯᠲᠠᠨ ᠤ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠠᠵᠢᠯᠯᠠᠭ᠎ᠠ ᠶᠢ ᠡᠷᠡᠰ | ᠬᠤᠷᠢᠭᠯᠠᠬᠤ ᠪᠠ ᠵᠠᠯᠠᠷᠠᠭᠤᠯᠤᠨ᠎ᠠ᠃ 《 ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ 》 ᠭᠤᠤᠯ | ᠰᠡᠳᠦᠪᠲᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠰᠣᠶᠣᠯ ᠤᠨ | ᠪᠠᠶᠢᠭᠤᠯᠤᠯᠲᠠ ᠲᠠᠢ ᠤᠶᠠᠯᠳᠤᠭᠤᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠪᠠ ᠠᠵᠢᠯᠲᠠᠨ ᠠᠵᠢᠯᠴᠢᠨ ᠳᠤ | ᠬᠠᠨᠳᠤᠭᠤᠯᠤᠨ᠂ 《 ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠮᠥᠨ 》 ᠭᠡᠳᠡᠭ ᠢ ᠲᠣᠪᠣᠶᠢᠮ᠎ᠠ ᠤᠬᠠᠭᠤᠯᠵᠤ᠂ 《 ᠨᠢᠭᠡ ᠪᠦᠰᠡ ᠨᠢᠭᠡ ᠵᠠᠮ 》 ᠤᠨ ᠪᠠᠶᠢᠯᠳᠤᠬᠤ ᠪᠣᠳᠣᠯᠭ᠎ᠠ | ᠶᠢᠨ ᠬᠡᠷᠡᠭᠵᠢᠭᠦᠯᠦᠯᠲᠡ ᠶᠢ ᠠᠬᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠦᠷ᠎ᠡ ᠪᠦᠲᠦᠭᠡᠯ᠂ ᠤᠯᠤᠰ ᠤᠨ ᠥᠮᠴᠢᠯᠡᠯ ᠤᠨ ᠠᠵᠤ ᠠᠬᠤᠶ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶ ᠶᠢᠨ ᠪᠠᠲᠤᠯᠠᠭ᠎ᠠ ᠪᠠ ᠵᠢᠷᠤᠮᠵᠢᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠠ ᠬᠠᠤᠯᠢ ᠪᠠᠷ ᠵᠠᠰᠠᠬᠤ ᠠᠵᠤ ᠠᠬᠤᠶᠢᠯᠠᠯ ᠤᠨ ᠪᠠᠶᠢᠭᠤᠯᠤᠯᠲᠠ ᠵᠡᠷᠭᠡ ᠶᠢ | ᠲᠥᠪᠯᠡᠷᠡᠭᠦᠯᠦᠨ ᠳᠡᠯᠭᠡᠨ ᠦᠵᠡᠭᠦᠯᠵᠦ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ | ᠬᠠᠤᠯᠢ ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠨ᠎ᠠ᠃ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ | ᠪᠠᠶᠢᠩᠭᠤ ᠶᠢᠨ ᠴᠢᠨᠠᠷᠲᠠᠢ ᠤᠬᠠᠭᠤᠯᠭ᠎ᠠ ᠪᠣᠯᠤᠨ ᠲᠥᠪᠯᠡᠷᠡᠩᠭᠦᠢ ᠤᠬᠠᠭᠤᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ | 《 ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ 》 ᠠᠵᠢᠯᠯᠠᠭ᠎ᠠ ᠶᠢ ᠪᠠᠶᠢᠩᠭᠤᠵᠢᠭᠰᠠᠨ᠂ ᠡᠳᠦᠷ | ᠲᠤᠳᠤᠮ ᠤᠨ ᠠᠵᠢᠯ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ | ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢᠨ ᠲᠣᠭᠤᠷᠢᠨ ᠳᠤ᠂ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠲᠦᠷᠢᠮ ᠲᠣᠭᠲᠠᠭᠠᠯ ᠤᠨ | ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ ᠵᠢᠷᠤᠮᠵᠢᠭᠤᠯᠵᠤ᠂ ᠠᠵᠤ ᠠᠬᠤᠶᠢᠯᠠᠯ ᠤᠨ ᠬᠠᠤᠯᠢᠵᠢᠯ ᠤᠨ ᠬᠠᠮᠢᠶᠠᠷᠤᠯᠲᠠ ᠶᠢᠨ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠠᠬᠢᠭᠤᠯᠪᠠ᠃ | ᠭᠤᠷᠪᠠᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ | ᠶᠢᠨ ᠲᠠᠪᠴᠠᠩ ᠢ ᠲᠡᠭᠦᠯᠳᠡᠷᠵᠢᠭᠦᠯᠦᠨ᠎ᠡ᠃ ᠣᠳᠣᠬᠠᠨ ᠳᠤ ᠬᠠᠶᠢᠷᠤᠪ ᠤᠨ ᠲᠣᠬᠤᠶ ᠲᠣᠭᠤᠷᠢᠭ ᠲᠤ ᠨᠢᠭᠡᠨᠲᠡ 7 | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠥᠷᠲᠡᠭᠡ᠂ 41 ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠲᠠᠰᠤᠭ ᠢ ᠪᠠᠶᠢᠭᠤᠯᠪᠠ᠃ ᠬᠠᠤᠯᠢ ᠴᠠᠭᠠᠵᠠ ᠶᠢᠨ | ᠦᠶᠯᠡᠴᠢᠯᠡᠭᠡᠨ ᠤ ᠬᠠᠯᠠᠮᠰᠢᠯ ᠤᠲᠠᠰᠤ ᠪᠠ ᠣᠯᠠᠨ ᠨᠡᠶᠢᠲᠡ ᠶᠢᠨ ᠳ᠋ᠤᠭᠠᠷ ᠢ ᠭᠦᠶᠴᠡᠳ ᠰᠠᠶᠢᠲᠤᠷ ᠠᠰᠢᠭᠯᠠᠨ᠂ | ᠳᠥᠭᠦᠮ ᠳᠥᠲᠡ ᠥᠨᠳᠥᠷ ᠪᠦᠲᠦᠮᠵᠢᠲᠡᠶ ᠣᠲᠣ ᠦᠶ᠎ᠡ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠬᠠᠤᠯᠢ ᠴᠠᠭᠠᠵᠠ ᠶᠢᠨ ᠦᠶᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠪᠠᠶᠢᠭᠤᠯᠬᠤ ᠶᠢ | ᠵᠣᠷᠢᠭᠵᠢᠭᠤᠯᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠶᠤᠯ | ᠲᠦᠭᠰᠢᠭᠦᠷᠢ ᠶᠢᠨ ᠵᠥᠪ ᠬᠠᠮᠢᠶᠠᠷᠤᠯᠲᠠ ᠶᠢᠨ ᠤᠬᠠᠮᠰᠠᠷ ᠢ ᠪᠤᠢ ᠪᠣᠯᠭᠠᠨ᠎ᠠ᠃ ᠠᠵᠤ ᠠᠬᠤᠶᠢᠯᠠᠯ ᠤᠨ ᠵᠠᠰᠠᠭ ᠵᠠᠬᠢᠷᠭᠠᠨ | ᠢᠶᠠᠷ ᠳᠠᠬᠢᠨ ᠵᠥᠪᠯᠡᠬᠦ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ᠂ ᠬᠤᠭᠤᠴᠠᠭ᠎ᠠ ᠶᠣᠰᠣᠭᠠᠷ ᠰᠢᠶᠳᠪᠦᠷᠢᠯᠡᠨ | ᠳᠠᠭᠤᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠳᠤ ᠬᠤᠯᠪᠣᠭᠳᠠᠬᠤ ᠵᠠᠰᠠᠭ ᠵᠠᠬᠢᠷᠭᠠᠨ ᠤ ᠮᠠᠷᠭᠤᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠶᠳᠪᠦᠷᠢᠯᠡᠵᠦ᠂ ᠠᠵᠤ | ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠪᠠᠷ ᠠᠬᠢᠭᠤᠯᠤᠨ᠎ᠠ᠃《 ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ | ᠲᠦᠭᠡᠮᠡᠯᠵᠢᠭᠦᠯᠬᠦ 》᠂《 ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ 》᠂《 ᠬᠡᠨ ᠦᠶᠯᠡᠴᠢᠯᠡᠪᠡᠯ ᠬᠡᠨ | ᠬᠠᠤᠯᠢ ᠬᠡᠷᠡᠭᠵᠢᠭᠦᠯᠬᠦ 》 ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠲᠦᠭᠡᠮᠡᠯᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠳᠤᠮᠳᠠ ᠬᠠᠤᠯᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠵᠦ᠂ ᠦᠶᠯᠡᠴᠢᠯᠡᠬᠦ ᠳᠤᠮᠳᠠ ᠬᠠᠤᠯᠢ | ᠲᠦᠭᠡᠮᠡᠯᠵᠢᠭᠦᠯᠬᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠬᠠᠤᠯᠢ ᠲᠦᠭᠡᠮᠡᠯᠵᠢᠭᠦᠯᠬᠦ ᠬᠡᠷᠡᠭᠲᠡᠶ᠃ | ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠪᠠᠯᠭᠠᠰᠤ ( ᠵᠡᠭᠡᠯᠢ ᠭᠤᠳᠤᠮᠵᠢ )᠂ ᠲᠣᠰᠬᠤᠨ ( | ᠨᠡᠶᠢᠭᠡᠮ ᠲᠣᠭᠤᠷᠢᠭ )᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠰᠠᠯᠠᠭ᠎ᠠ ᠮᠥᠴᠢᠷ ᠴᠥᠮ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ( ᠴᠡᠭ ) ᠪᠠᠶᠢᠭᠤᠯᠪᠠ᠃ ᠲᠡᠷᠡᠴᠢᠯᠡᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠡᠷᠬᠢᠯᠡᠬᠦ ᠴᠠᠭ ᠤᠨ ᠬᠢᠵᠠᠭᠠᠷ ᠢ ᠤᠤᠯ ᠤᠨ ᠬᠠᠤᠯᠢ ᠪᠠᠷ ᠲᠣᠭᠲᠠᠭᠠᠭᠰᠠᠨ 6 ᠠᠵᠢᠯᠯᠠᠬᠤ | ᠡᠳᠦᠷ ᠠᠴᠠ ᠨᠢ ᠠᠮᠠᠯᠠᠯᠲᠠ ᠬᠢᠬᠦ ᠴᠠᠭ ᠤᠨ ᠬᠢᠵᠠᠭᠠᠷ ᠪᠣᠯᠭᠠᠨ 3 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠬᠡᠷᠡᠭ ᠤᠨ ᠪᠠᠶᠢᠳᠠᠯ ᠨᠢ ᠳᠥᠭᠦᠮ ᠪᠣᠯ ᠲᠡᠷᠡ ᠳᠠᠷᠤᠶ ᠳᠤᠨᠢ ᠬᠦᠯᠢᠶᠡᠨ ᠠᠪᠴᠤ ᠲᠣᠮᠢᠯᠠᠨ᠎ᠠ᠃ ᠬᠥᠯᠥᠰᠥᠨ | ᠠᠵᠢᠯᠴᠢᠨ ᠪᠠ ᠬᠦᠴᠢᠷᠳᠡᠯ ᠲᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠤᠷᠢᠳ ᠢᠶᠠᠷ ᠬᠦᠯᠢᠶᠡᠨ ᠠᠪᠴᠤ | ᠲᠣᠮᠢᠯᠠᠨ᠎ᠠ᠃ ᠡᠨᠡ ᠵᠢᠯ ᠨᠢᠭᠡᠨᠲᠡ ᠡᠯ᠎ᠡ ᠲᠥᠷᠥᠯ ᠤᠨ ᠬᠥᠯᠥᠰᠥᠨ ᠠᠵᠢᠯᠴᠢᠨ ᠪᠠ ᠬᠦᠴᠢᠷᠳᠡᠯ ᠲᠠᠢ ᠠᠵᠤ | ᠠᠬᠤᠶᠢᠯᠠᠯ ᠤᠨ ᠠᠵᠢᠯᠲᠠᠨ ᠤ ᠴᠠᠯᠢᠩ ᠨᠡᠬᠡᠬᠦ 50 ᠬᠡᠷᠡᠭ ᠢ ᠰᠢᠶᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠶ ᠲᠣᠭᠤᠷᠢᠭ 《 ᠬᠠᠤᠯᠢ ᠪᠠᠷ ᠵᠠᠰᠠᠬᠤ ᠪᠣᠯ ᠬᠠᠮᠤᠭ | ᠤᠨ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ 》 ᠭᠡᠬᠦ ᠣᠶᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠ ᠬᠠᠤᠯᠢ ᠴᠠᠭᠠᠵᠠ ᠶᠢᠨ | ᠦᠶᠯᠡᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠬᠤ᠂ ᠬᠠᠤᠯᠢ ᠴᠠᠭᠠᠵᠠ ᠶᠢᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ | ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠰᠢᠶᠳᠪᠦᠷᠢᠯᠡᠬᠦ ᠲᠣᠭᠲᠠᠴᠠ ᠶᠢ ᠪᠦᠷᠢᠨᠰᠢᠭᠦᠯᠬᠦ᠂ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ | ᠲᠠᠯ᠎ᠠ ᠪᠠᠷ ᠬᠦᠴᠦᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠨ᠎ᠠ᠃ |