ᠬᠠᠶᠢᠷᠤᠪ ᠤᠨ ᠲᠤᠬᠤᠢ ᠲᠣᠭᠤᠷᠢᠭ 2021 ᠣᠨ ᠤ ᠳᠣᠯᠣᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠎ ᠤᠨ ᠰᠠᠭᠤᠭᠠᠯᠢ ᠠᠷᠠᠳ ᠤᠨ ᠬᠤᠣᠰ ᠤᠶᠠᠩᠭ᠎ᠠ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/21
       1 ᠰᠠᠷ᠎ᠠ ᠶᠢᠨ 17  ᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠎ ᠶᠢᠨ ᠲᠠᠮᠢᠷ ᠤᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠤᠷᠠᠨ ᠪᠢᠴᠢᠯᠭᠡᠲᠡᠨ ᠎ ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠬᠠᠶᠢᠷᠤᠪ ᠤᠨ ᠲᠤᠬᠤᠢ ᠲᠣᠭᠤᠷᠢᠭ ᠤᠨ 2021 ᠣᠨ ᠤ ᠳᠣᠯᠣᠳᠤᠭᠠᠷ ᠬᠤᠭᠤᠴᠠᠭᠠᠨ ᠤ 《 ᠤᠬ ᠰᠠᠨᠠᠭ᠎ᠠ ᠪᠠᠨ ᠪᠢᠴᠢᠭᠯᠡᠨ ᠨᠠᠮ ᠤᠨ ᠠᠴᠢ ᠶᠢ ᠮᠠᠭᠲᠠᠨ ᠳᠠᠭᠤᠯᠠᠶ᠎ᠠ 》ᠭᠡᠬᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠰᠢᠯᠭᠠᠷᠠᠭᠤᠯᠬᠤ ᠠᠵᠢᠯᠯᠠᠭ᠎ᠠ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠲᠤ ᠶᠠᠪᠤᠭᠳᠠᠪᠠ᠃        ᠪᠦᠲᠦᠭᠡᠯ ᠤᠨ ᠠᠭᠤᠯᠭ᠎ᠠ ᠨᠢ ᠭᠤᠣᠯᠳᠠᠭᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ᠂ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠪᠠᠷ ᠭᠤᠣᠯ ᠰᠡᠳᠦᠪ ᠪᠣᠯᠭᠠᠵᠤ᠂ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠢ ᠲᠤᠰᠬᠠᠪᠠ᠃       ᠰᠢᠯᠭᠠᠷᠠᠭᠤᠯᠬᠤ ᠲᠤᠬᠠᠶ ᠶᠢᠨ ᠲᠠᠯᠠᠪᠠᠶ ᠳᠤ ᠬᠠᠶᠢᠷᠤᠪ ᠤᠨ ᠲᠣᠬᠤᠶ ᠲᠣᠭᠤᠷᠢᠭ ᠤᠨ ᠤᠷᠠᠨ ᠪᠢᠴᠢᠯᠭᠡᠲᠡᠳ ᠎ ᠤᠨ ᠨᠡᠶᠢᠭᠡᠮᠯᠢᠭ ᠢᠶᠠᠷ ᠪᠦᠷᠢᠯᠳᠦᠭᠰᠡᠨ ᠰᠢᠯᠭᠠᠷᠠᠭᠤᠯᠬᠤ ᠺᠣᠮᠢᠰ ᠠᠴᠠ ᠡᠬᠡ ᠪᠢᠴᠢᠭ ᠥᠭᠭᠦᠭᠰᠡᠨ ᠪᠦᠲᠦᠭᠡᠯ ᠤᠨ ᠭᠤᠣᠯ ᠰᠡᠳᠦᠪ᠂ ᠰᠡᠳᠬᠢᠮᠵᠢ᠂ ᠬᠢᠴᠢᠶᠡᠩᠭᠦᠶ ᠪᠢᠴᠢᠯᠭᠡ ᠵᠡᠷᠭᠡ ᠲᠠᠯ᠎ᠠ ᠪᠠᠷ ᠨᠠᠷᠢᠨ ᠵᠠᠳᠠᠯᠤᠯᠲᠠ ᠪᠠ ᠦᠨᠡᠯᠡᠯᠲᠡ ᠬᠢᠵᠡᠶ᠃ ᠱᠠᠲᠤ ᠱᠠᠲᠤ ᠪᠠᠷ ᠰᠢᠯᠢᠨ ᠰᠣᠩᠭᠤᠬᠤ ᠪᠠᠷ ᠳᠡᠮᠵᠢᠨ ᠡᠴᠦᠰ ᠲᠡᠭᠡᠨ 10 ᠰᠢᠯᠢᠳᠡᠭ ᠪᠦᠲᠦᠭᠡᠯ ᠢ ᠰᠣᠩᠭᠤᠨ ᠭᠠᠷᠭᠠᠵᠤ᠂ 80 ᠪᠦᠲᠦᠭᠡᠯ ᠢ ᠳᠡᠯᠭᠡᠨ ᠦᠵᠡᠭᠦᠯᠵᠡᠶ᠃      ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ 12 ᠰᠠᠷ᠎ᠠ ᠶᠢᠨ 25  ᠎ ᠤ ᠡᠳᠦᠷ ᠎ ᠠᠴᠠ 1 ᠰᠠᠷ᠎ᠠ ᠶᠢᠨ 15  ᠎ ᠤ ᠡᠳᠦᠷ ᠪᠣᠯᠲᠠᠯ᠎ᠠ ᠬᠠᠶᠢᠷᠤᠪ ᠤᠨ ᠲᠣᠬᠤᠶ ᠲᠣᠭᠤᠷᠢᠭ ᠠᠴᠠ ᠤᠷᠠᠨ ᠪᠢᠴᠢᠯᠭᠡ ᠶᠢᠨ ᠪᠦᠲᠦᠭᠡᠯ ᠴᠤᠭᠯᠠᠭᠤᠯᠬᠤ ᠪᠠᠷ ᠳᠡᠮᠵᠢᠨ᠂ ᠤᠷᠠᠨ ᠪᠢᠴᠢᠯᠭᠡ ᠳᠤ ᠪᠠᠭ᠋ᠠᠲᠠᠶ 300 ᠭᠠᠷᠤᠶ ᠡᠯ᠎ᠡ ᠲᠥᠷᠥᠯ ᠤᠨ ᠪᠦᠲᠦᠭᠡᠯ ᠢ ᠬᠤᠷᠢᠶᠠᠨ ᠣᠯᠵᠠᠶ᠃ 1 ᠳ᠋ᠦ᠋ᠭᠡᠷ ᠰᠠᠷ᠎ᠠ ᠶᠢᠨ 16  ᠎ ᠤ ᠡᠳᠦᠷ᠂ 17  ᠎ ᠤ ᠡᠳᠦᠷ ᠬᠠᠶᠢᠷᠤᠪ ᠤᠨ ᠲᠣᠬᠤᠶ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ ᠡᠬᠡ ᠪᠢᠴᠢᠭ ᠥᠭᠭᠦᠭᠰᠡᠨ ᠪᠦᠲᠦᠭᠡᠯ ᠢ ᠦᠨᠡᠯᠡᠨ ᠰᠢᠯᠭᠠᠷᠠᠭᠤᠯᠤᠭᠰᠠᠨ ᠤ ᠳᠠᠷᠠᠭ᠎ᠠ᠂ 1 ᠳ᠋ᠦ᠋ᠭᠡᠷ ᠰᠠᠷ᠎ᠠ ᠶᠢᠨ 26  ᠎ ᠤ ᠡᠳᠦᠷ ᠠᠴᠠ 2 ᠳ᠋ᠤᠭᠠᠷ ᠰᠠᠷ᠎ᠠ ᠶᠢᠨ 1  ᠎ ᠤ ᠡᠳᠦᠷ ᠪᠣᠯᠲᠠᠯ᠎ᠠ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠶ ᠰᠢᠨ ᠨᠡᠶᠢᠭᠡᠮ ᠲᠣᠭᠤᠷᠢᠭ ᠲᠤ ᠦᠨᠡᠯᠡᠨ ᠰᠢᠯᠭᠠᠷᠠᠭᠤᠯᠤᠭᠰᠠᠨ 100 ᠬᠤᠤᠰ ᠤᠶᠠᠩᠭ᠎ᠠ ᠶᠢ ᠰᠦᠯᠵᠢᠶᠡᠨ ᠤ ᠲᠠᠪᠴᠠᠩ ᠳᠡᠭᠡᠷ᠎ᠡ ᠲᠥᠪᠯᠡᠷᠡᠭᠦᠯᠦᠨ ᠳᠡᠯᠭᠡᠨ ᠦᠵᠡᠭᠦᠯᠵᠦ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠱᠠᠩᠨᠠᠯ ᠭᠥᠷᠳᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠪᠠᠰᠠ ᠤᠷᠠᠨ ᠪᠢᠴᠢᠯᠭᠡᠲᠡᠨ ᠨᠡᠷ ᠲᠤᠬᠠᠶ ᠶᠢᠨ ᠲᠠᠯᠠᠪᠠᠶ ᠳᠤ ᠪᠢᠷ ᠪᠡᠭᠡ ᠰᠠᠴᠤᠵᠤ ᠨᠡᠶᠢᠭᠡᠮ ᠲᠣᠭᠤᠷᠢᠭ ᠎ ᠤᠨ ᠰᠠᠭᠤᠭᠠᠯᠢ ᠠᠷᠠᠳ ᠲᠤ ᠬᠤᠤᠰ ᠤᠶᠠᠩᠭ᠎ᠠ ᠬᠦᠷᠭᠡᠬᠦ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号