ᠬᠠᠶᠢᠷᠤᠪ ᠤᠨ ᠲᠤᠬᠤᠢ ᠲᠣᠭᠤᠷᠢᠭ 2021 ᠣᠨ ᠤ ᠳᠣᠯᠣᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠤᠨ ᠬᠤᠣᠰ ᠤᠶᠠᠩᠭ᠎ᠠ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/21
       1 ᠰᠠᠷ᠎ᠠ ᠶᠢᠨ 17   ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠣᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠤᠷᠠᠨ ᠪᠢᠴᠢᠯᠭᠡᠲᠡᠨ  ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠬᠠᠶᠢᠷᠤᠪ ᠤᠨ ᠲᠤᠬᠤᠢ ᠲᠣᠭᠤᠷᠢᠭ ᠤᠨ 2021 ᠣᠨ ᠤ ᠳᠣᠯᠣᠳᠤᠭᠠᠷ ᠬᠤᠭᠤᠴᠠᠭᠠᠨ ᠤ 《 ᠤᠬ ᠰᠠᠨᠠᠭ᠎ᠠ ᠪᠠᠨ ᠪᠢᠴᠢᠭᠯᠡᠨ ᠨᠠᠮ ᠤᠨ ᠠᠴᠢ ᠶᠢ ᠮᠠᠭᠲᠠᠨ ᠳᠠᠭᠤᠯᠠᠶ᠎ᠠ 》ᠭᠡᠬᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠰᠢᠯᠭᠠᠷᠠᠭᠤᠯᠬᠤ ᠠᠵᠢᠯᠯᠠᠭ᠎ᠠ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠲᠤ ᠶᠠᠪᠤᠭᠳᠠᠪᠠ᠃        ᠪᠦᠲᠦᠭᠡᠯ ᠤᠨ ᠠᠭᠤᠯᠭ᠎ᠠ ᠨᠢ ᠭᠤᠣᠯᠳᠠᠭᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ᠂ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠪᠠᠷ ᠭᠤᠣᠯ ᠰᠡᠳᠦᠪ ᠪᠣᠯᠭᠠᠵᠤ᠂ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠢ ᠲᠤᠰᠬᠠᠪᠠ᠃       ᠰᠢᠯᠭᠠᠷᠠᠭᠤᠯᠬᠤ ᠲᠤᠬᠠᠶ ᠶᠢᠨ ᠲᠠᠯᠠᠪᠠᠶ ᠳᠤ ᠬᠠᠶᠢᠷᠤᠪ ᠤᠨ ᠲᠣᠬᠤᠶ ᠲᠣᠭᠤᠷᠢᠭ ᠤᠨ ᠤᠷᠠᠨ ᠪᠢᠴᠢᠯᠭᠡᠲᠡᠳ  ᠤᠨ ᠨᠡᠶᠢᠭᠡᠮᠯᠢᠭ ᠢᠶᠠᠷ ᠪᠦᠷᠢᠯᠳᠦᠭᠰᠡᠨ ᠰᠢᠯᠭᠠᠷᠠᠭᠤᠯᠬᠤ ᠺᠣᠮᠢᠰ ᠠᠴᠠ ᠡᠬᠡ ᠪᠢᠴᠢᠭ ᠥᠭᠭᠦᠭᠰᠡᠨ ᠪᠦᠲᠦᠭᠡᠯ ᠤᠨ ᠭᠤᠣᠯ ᠰᠡᠳᠦᠪ᠂ ᠰᠡᠳᠬᠢᠮᠵᠢ᠂ ᠬᠢᠴᠢᠶᠡᠩᠭᠦᠶ ᠪᠢᠴᠢᠯᠭᠡ ᠵᠡᠷᠭᠡ ᠲᠠᠯ᠎ᠠ ᠪᠠᠷ ᠨᠠᠷᠢᠨ ᠵᠠᠳᠠᠯᠤᠯᠲᠠ ᠪᠠ ᠦᠨᠡᠯᠡᠯᠲᠡ ᠬᠢᠵᠡᠶ᠃ ᠱᠠᠲᠤ ᠱᠠᠲᠤ ᠪᠠᠷ ᠰᠢᠯᠢᠨ ᠰᠣᠩᠭᠤᠬᠤ ᠪᠠᠷ ᠳᠡᠮᠵᠢᠨ ᠡᠴᠦᠰ ᠲᠡᠭᠡᠨ 10 ᠰᠢᠯᠢᠳᠡᠭ ᠪᠦᠲᠦᠭᠡᠯ ᠢ ᠰᠣᠩᠭᠤᠨ ᠭᠠᠷᠭᠠᠵᠤ᠂ 80 ᠪᠦᠲᠦᠭᠡᠯ ᠢ ᠳᠡᠯᠭᠡᠨ ᠦᠵᠡᠭᠦᠯᠵᠡᠶ᠃      ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ 12 ᠰᠠᠷ᠎ᠠ ᠶᠢᠨ 25   ᠤ ᠡᠳᠦᠷ  ᠠᠴᠠ 1 ᠰᠠᠷ᠎ᠠ ᠶᠢᠨ 15   ᠤ ᠡᠳᠦᠷ ᠪᠣᠯᠲᠠᠯ᠎ᠠ ᠬᠠᠶᠢᠷᠤᠪ ᠤᠨ ᠲᠣᠬᠤᠶ ᠲᠣᠭᠤᠷᠢᠭ ᠠᠴᠠ ᠤᠷᠠᠨ ᠪᠢᠴᠢᠯᠭᠡ ᠶᠢᠨ ᠪᠦᠲᠦᠭᠡᠯ ᠴᠤᠭᠯᠠᠭᠤᠯᠬᠤ ᠪᠠᠷ ᠳᠡᠮᠵᠢᠨ᠂ ᠤᠷᠠᠨ ᠪᠢᠴᠢᠯᠭᠡ ᠳᠤ ᠪᠠᠭ᠋ᠠᠲᠠᠶ 300 ᠭᠠᠷᠤᠶ ᠡᠯ᠎ᠡ ᠲᠥᠷᠥᠯ ᠤᠨ ᠪᠦᠲᠦᠭᠡᠯ ᠢ ᠬᠤᠷᠢᠶᠠᠨ ᠣᠯᠵᠠᠶ᠃ 1 ᠳ᠋ᠦ᠋ᠭᠡᠷ ᠰᠠᠷ᠎ᠠ ᠶᠢᠨ 16   ᠤ ᠡᠳᠦᠷ᠂ 17   ᠤ ᠡᠳᠦᠷ ᠬᠠᠶᠢᠷᠤᠪ ᠤᠨ ᠲᠣᠬᠤᠶ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ ᠡᠬᠡ ᠪᠢᠴᠢᠭ ᠥᠭᠭᠦᠭᠰᠡᠨ ᠪᠦᠲᠦᠭᠡᠯ ᠢ ᠦᠨᠡᠯᠡᠨ ᠰᠢᠯᠭᠠᠷᠠᠭᠤᠯᠤᠭᠰᠠᠨ ᠤ ᠳᠠᠷᠠᠭ᠎ᠠ᠂ 1 ᠳ᠋ᠦ᠋ᠭᠡᠷ ᠰᠠᠷ᠎ᠠ ᠶᠢᠨ 26   ᠤ ᠡᠳᠦᠷ ᠠᠴᠠ 2 ᠳ᠋ᠤᠭᠠᠷ ᠰᠠᠷ᠎ᠠ ᠶᠢᠨ 1   ᠤ ᠡᠳᠦᠷ ᠪᠣᠯᠲᠠᠯ᠎ᠠ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠶ ᠰᠢᠨ ᠨᠡᠶᠢᠭᠡᠮ ᠲᠣᠭᠤᠷᠢᠭ ᠲᠤ ᠦᠨᠡᠯᠡᠨ ᠰᠢᠯᠭᠠᠷᠠᠭᠤᠯᠤᠭᠰᠠᠨ 100 ᠬᠤᠤᠰ ᠤᠶᠠᠩᠭ᠎ᠠ ᠶᠢ ᠰᠦᠯᠵᠢᠶᠡᠨ ᠤ ᠲᠠᠪᠴᠠᠩ ᠳᠡᠭᠡᠷ᠎ᠡ ᠲᠥᠪᠯᠡᠷᠡᠭᠦᠯᠦᠨ ᠳᠡᠯᠭᠡᠨ ᠦᠵᠡᠭᠦᠯᠵᠦ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠱᠠᠩᠨᠠᠯ ᠭᠥᠷᠳᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠪᠠᠰᠠ ᠤᠷᠠᠨ ᠪᠢᠴᠢᠯᠭᠡᠲᠡᠨ ᠨᠡᠷ ᠲᠤᠬᠠᠶ ᠶᠢᠨ ᠲᠠᠯᠠᠪᠠᠶ ᠳᠤ ᠪᠢᠷ ᠪᠡᠭᠡ ᠰᠠᠴᠤᠵᠤ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠲᠤ ᠬᠤᠤᠰ ᠤᠶᠠᠩᠭ᠎ᠠ ᠬᠦᠷᠭᠡᠬᠦ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号