ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠷᠣᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/22
     ᠨᠠᠮ ᠤᠨ ᠭᠡᠰᠢᠭᠦᠨ ᠨᠥᠬᠦᠳ ᠤᠨ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠢᠳᠡᠪᠬᠢᠲᠡᠶ ᠪᠠᠶᠢᠷᠢᠯᠠᠭᠤᠯᠵᠤ᠂ ᠲᠤᠰᠢᠶᠠᠯ ᠳᠤ ᠪᠠᠶᠢᠭ᠎ᠠ ᠪᠥᠬᠦ ᠨᠠᠮ ᠤᠨ ᠭᠡᠰᠢᠭᠦᠳ ᠎ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ 1 ᠰᠠᠷ᠎ᠠ ᠶᠢᠨ 22 ᠎ ᠤᠨ ᠡᠳᠦᠷ ᠤᠨ ᠦᠳᠡ ᠶᠢᠨ ᠡᠮᠦᠨ᠎ᠡ᠂ ᠮᠠᠨ ᠤ ᠲᠣᠪᠴᠢᠶᠠᠨ ᠤ ᠪᠥᠬᠦ ᠨᠠᠮ ᠤᠨ ᠭᠡᠰᠢᠭᠦᠨ ᠨᠥᠬᠦᠳ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠤᠭᠰᠠᠨ ᠵᠢᠵᠢᠭ ᠲᠣᠭᠤᠷᠢᠭ ᠤᠨ《 ᠳ᠋ᠢᠩ ᠱᠧᠩ ᠴᠡᠴᠡᠷᠯᠢᠭ》᠎ ᠲᠤ ᠭᠦᠨᠵᠡᠭᠡᠶᠢᠷᠡᠨ ᠬᠤᠭ ᠨᠣᠪᠰᠢ ᠶᠢ ᠴᠡᠪᠡᠷᠯᠡᠬᠦ ᠶᠢᠨ ᠬᠠᠮᠲᠤ ᠡᠷᠬᠢᠨ ᠲᠣᠭᠤᠷᠢᠨ ᠤ ᠰᠠᠭᠤᠭᠠᠯᠢ ᠠᠷᠠᠳ ᠲᠤ《 ᠣᠷᠴᠢᠨ ᠲᠣᠭᠤᠷᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ》ᠭᠡᠬᠦ ᠣᠶᠢᠯᠠᠭᠠᠭᠳᠠᠬᠤᠨ ᠢ ᠤᠬᠠᠭᠤᠯᠵᠤ᠂ ᠣᠯᠠᠨ ᠳᠤ ᠣᠷᠴᠢᠨ ᠲᠣᠭᠤᠷᠢᠨ ᠢ ᠬᠠᠮᠠᠭᠠᠯᠠᠬᠤ᠂ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢ ᠪᠣᠶ ᠪᠣᠯᠭᠠᠪᠠ᠃ ᠪᠦᠬᠦ ᠨᠠᠮ ᠤᠨ ᠭᠡᠰᠢᠭᠦᠨ ᠤ ᠨᠢᠭᠡ ᠦᠳᠡ ᠡᠮᠦᠨᠡᠬᠢ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠭᠠᠵᠠᠷ ᠪᠣᠯᠭᠠᠨ ᠬᠤᠭ ᠨᠣᠪᠰᠢ ᠶᠢᠨ ᠮᠣᠳᠣᠨ ᠨᠦᠬᠡ ᠶᠢ ᠣᠯᠠᠨ ᠢᠶᠠᠷ ᠢᠶᠠᠨ ᠴᠡᠪᠡᠷᠯᠡᠨ ᠠᠷᠢᠯᠭᠠᠵᠤ᠂ ᠪᠠᠰᠠ ᠤᠶᠢᠷ᠎ᠠ ᠬᠠᠪᠢ ᠶᠢᠨ ᠰᠠᠭᠤᠭᠠᠯᠢ ᠠᠷᠠᠳ ᠲᠤ ᠨᠢᠭᠡᠨ ᠴᠡᠪᠡᠷ ᠲᠣᠬᠢᠯᠢᠭ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠡᠭᠦᠨ ᠤ ᠳᠤ ᠬᠠᠮᠲᠤ ᠮᠠᠨ ᠤ ᠬᠤᠲᠠ ᠳᠤ ᠪᠣᠯᠪᠠᠰᠤᠨ ᠬᠤᠲᠠ᠂ ᠠᠷᠢᠭᠤᠨ ᠴᠡᠪᠡᠷ ᠬᠤᠲᠠ ᠶᠢ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号