ᠪᠣᠯᠪᠠᠰᠤᠨ ᠦᠶᠯᠡᠳᠦᠯᠭᠡ ᠶᠢᠨ ᠠᠵᠢᠯᠯᠠᠭ᠎ᠠ ᠱᠢ ᠴᠧᠩ ᠨᠡᠶᠢᠭᠡᠮ ᠲᠣᠭᠤᠷᠢᠭ ᠤᠨ ᠰᠦᠯᠵᠢᠶᠡᠴᠢᠨ ᠵᠢᠵᠢᠭ ᠵᠠᠷ ᠮᠡᠳᠡᠭᠡ ᠶᠢ ᠠᠷᠢᠯᠭᠠᠶ᠎ᠠ
ᠨᠡᠶᠢᠲᠡᠯᠡᠭᠰᠡᠨ ᠴᠠᠭ᠄
2021/1/27
     ᠵᠢᠵᠢᠭ ᠵᠠᠷ ᠮᠡᠳᠡᠭᠡ ᠶᠢ ᠲᠤᠶᠢᠯᠪᠤᠷᠢᠲᠠᠶ ᠠᠷᠢᠯᠭᠠᠵᠤ᠂ ᠬᠤᠲᠠ ᠶᠢᠨ ᠦᠵᠡᠮᠵᠢ ᠶᠢ ᠭᠤᠶᠣᠯᠠᠨ᠂ ᠪᠣᠯᠪᠠᠰᠤᠨ᠂ ᠡᠮᠬᠢ ᠵᠢᠷᠤᠮ ᠲᠠᠢ ᠬᠤᠲᠠ ᠶᠢᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠱᠢ ᠴᠧᠩ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠳᠦᠷ ᠲᠤᠲᠤᠮ ᠤᠨ ᠰᠦᠯᠵᠢᠶᠡᠨ ᠤ ᠲᠣᠭᠤᠷᠢᠨ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠪᠠ᠃      ᠨᠡᠶᠢᠭᠡᠮ ᠲᠣᠭᠤᠷᠢᠭ ᠤᠨ ᠲᠣᠣᠷ ᠲᠤ ᠬᠠᠷᠢᠭᠤᠴᠠᠯᠭ᠎ᠠ ᠶᠢᠨ ᠣᠷᠣᠨ ᠤ ᠳᠣᠲᠣᠷ᠎ᠠ ᠳᠤᠷ᠎ᠠ ᠪᠠᠷ ᠢᠶᠠᠨ ᠵᠢᠵᠢᠭ ᠵᠠᠷ ᠨᠠᠭᠠᠬᠤ ᠦᠵᠡᠭᠳᠡᠯ ᠪᠠᠶᠢᠬᠤ ᠶᠢ ᠣᠯᠵᠤ ᠮᠡᠳᠡᠪᠡᠯ᠂ ᠡᠳᠡᠭᠡᠷ ᠲᠣᠭᠲᠠᠭᠠᠯ ᠠᠴᠠ ᠵᠥᠷᠢᠴᠡᠨ ᠨᠠᠭᠠᠭᠰᠠᠨ ᠵᠢᠵᠢᠭ ᠵᠠᠷ ᠲᠤ ᠳᠠᠷᠤᠶ ᠲᠦᠷᠭᠡᠨ ᠢᠯᠭᠠᠷᠠᠭᠤᠯᠤᠯᠲᠠ ᠬᠢᠬᠦ ᠬᠡᠷᠡᠭᠲᠡᠶ᠃ ᠡᠭᠦᠨ ᠤ ᠬᠠᠮᠲᠤ᠂ ᠰᠦᠯᠵᠢᠶᠡᠴᠢᠨ ᠢᠷᠡᠵᠦ ᠶᠠᠪᠤᠬᠤ ᠰᠠᠭᠤᠭᠠᠯᠢ ᠠᠷᠠᠳ᠂ ᠶᠠᠪᠠᠭᠠᠨ ᠬᠥᠮᠦᠨ ᠳᠤ ᠤᠬᠠᠭᠤᠯᠭ᠎ᠠ ᠬᠢᠵᠦ᠂ ᠬᠠᠮᠲᠤᠷᠠᠨ ᠲᠣᠭᠤᠷᠢᠨ ᠪᠠᠶᠢᠴᠠᠭᠠᠬᠤ ᠡᠷᠴᠢᠮ ᠎ ᠢᠶᠠᠨ ᠴᠢᠩᠭᠠᠷᠠᠭᠤᠯᠵᠤ᠂ ᠵᠢᠵᠢᠭ ᠵᠠᠷ ᠢ ᠳᠠᠬᠢᠨ ᠳᠠᠪᠲᠠᠨ ᠨᠠᠭᠠᠬᠤ ᠶᠢ ᠡᠷᠡᠰ ᠬᠤᠷᠢᠭᠯᠠᠵᠤ᠂ ᠬᠠᠷᠢᠶ᠎ᠠ ᠣᠷᠣᠨ ᠤ ᠎ ᠪᠠᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号