ᠬᠠᠶᠢᠷᠤᠪ ᠤᠨ ᠲᠤᠬᠤᠢ ᠲᠣᠭᠤᠷᠢᠭ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠥᠭᠵᠢᠭᠦᠯᠵᠦ ᠬᠤᠭᠤᠴᠠᠭ᠎ᠠ ᠰᠣᠯᠢᠬᠤ ᠤᠬᠠᠭᠤᠯᠭ᠎ᠠ ᠶᠢ ᠠᠮᠢᠵᠢᠷᠠᠯ ᠤᠨ ᠬᠦᠴᠦᠨ ᠲᠠᠢ ᠪᠣᠯᠭᠠᠪᠠ
ᠨᠡᠶᠢᠲᠡᠯᠡᠭᠰᠡᠨ ᠴᠠᠭ᠄
2021/1/27
     ᠬᠠᠶᠢᠷᠤᠪ ᠤᠨ ᠲᠤᠬᠤᠢ ᠲᠣᠭᠤᠷᠢᠭ ᠰᠤᠷᠲᠠᠯ ᠤᠬᠠᠭᠤᠯᠭ᠎ᠠ ᠪᠠᠷ ᠬᠦᠳᠦᠯᠥᠨ ᠵᠢᠯᠣᠭᠤᠳᠬᠤ ᠠᠵᠢᠯ ᠢ ᠬᠤᠭᠤᠴᠠᠭ᠎ᠠ ᠰᠣᠯᠢᠬᠤ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠠᠮᠲᠤ ᠪᠠᠷ ᠬᠦᠴᠦᠯᠡᠵᠦ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠪᠦᠬᠦ ᠲᠤᠭᠤᠷᠢᠭ ᠤᠨ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》  ᠎ ᠤᠨ ᠬᠤᠭᠤᠴᠠᠭ᠎ᠠ ᠰᠣᠯᠢᠬᠤ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠪᠡ᠃     ᠬᠥᠨᠳᠡᠯᠡᠨ ᠪᠢᠴᠢᠭᠡᠰᠦ ᠶᠢ ᠡᠯᠭᠦ᠃ 《 ᠬᠠᠶᠢᠷᠤᠪ ᠤᠨ ᠲᠣᠬᠤᠶ ᠲᠣᠭᠤᠷᠢᠭ ᠤᠨ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠤᠨ ᠯᠠᠪᠯᠠᠯᠲᠠ 》᠎ ᠶᠢ ᠨᠢᠭᠡᠳᠦᠯᠲᠡᠶ ᠳᠠᠷᠤᠮᠠᠯᠯᠠᠨ ᠵᠣᠬᠢᠶᠠᠵᠤ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠳᠥᠭᠦᠮ ᠣᠶᠢᠯᠠᠭᠠᠮᠵᠢᠲᠠᠶ ᠤᠬᠠᠭᠤᠯᠭ᠎ᠠ ᠶᠢᠨ ᠤᠷᠢᠶ᠎ᠠ ᠯᠣᠽᠦ᠋ᠩ ᠢ ᠳᠡᠪᠲᠡᠷᠯᠡᠵᠦ᠂ ᠭᠤᠣᠯ ᠪᠣᠯᠬᠤ ᠵᠠᠮ ᠬᠠᠷᠢᠯᠴᠠᠭᠠᠨ ᠤ ᠭᠤᠣᠯ ᠵᠠᠮ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠬᠥᠮᠦᠰ ᠬᠠᠷᠢᠴᠠᠩᠭᠤᠶ ᠲᠥᠪᠯᠡᠷᠡᠭᠰᠡᠨ ᠲᠠᠯᠠᠪᠤᠷ ᠭᠠᠵᠠᠷ ᠪᠣᠯᠤᠨ ᠢᠯᠡ ᠪᠠᠶᠢᠷᠢᠨ ᠳᠤ 300 ᠭᠠᠷᠤᠶ ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠰᠢᠭᠤᠳ ᠠᠵᠢᠭᠯᠠᠵᠤ ᠢᠯᠡ ᠲᠣᠳᠣ ᠪᠠᠶᠢᠯᠭᠠᠬᠤ ᠠᠷᠭ᠎ᠠ ᠮᠠᠶ᠋ᠢᠭ ᠢᠶᠠᠷ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃      ᠪᠦᠷᠢᠶ᠎ᠡ ᠷᠠᠳᠢᠣ᠋ ᠳᠤᠤᠭᠠᠷᠤᠯ᠎ᠠ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ 《 ᠠᠷᠪᠠ ᠶᠢ ᠴᠢᠩᠭ᠎ᠠ ᠴᠠᠭᠠᠵᠠᠯᠠᠬᠤ 》᠂ ᠵᠢᠱᠢᠭᠳᠡᠭᠴᠢ ᠶᠢᠨ ᠲᠤᠰᠢᠶᠠᠯ ᠡᠭᠦᠷᠭᠡᠯᠡᠬᠦ ᠨᠥᠬᠦᠴᠡᠯ ᠤᠨ ᠪᠠᠷᠢᠮᠵᠢᠶ᠎ᠠ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠵᠡᠷᠭᠡ ᠶᠢ ᠷᠠᠳᠢᠣ᠋ ᠨᠡᠪᠲᠡᠷᠡᠭᠦᠯᠭᠡ ᠶᠢᠨ ᠲᠠᠭᠤᠨ ᠳᠠᠪᠲᠠᠮᠵᠢ ᠪᠣᠯᠭᠠᠨ ᠰᠢᠩᠭᠡᠭᠡᠵᠦ᠂《 ᠲᠣᠰᠬᠤᠨ ᠪᠣᠯᠭᠠᠨ ᠤ ᠲᠠᠭᠤᠨ 》  ᠎ ᠢ ᠭᠥᠯᠢᠶᠡᠨ ᠠᠪᠴᠤ ᠰᠣᠨᠣᠰᠬᠤ ᠳᠤ ᠲᠥᠬᠦᠮ᠂ ᠤᠯᠠᠮᠵᠢᠯᠠᠨ ᠲᠠᠷᠬᠠᠭᠠᠬᠤ ᠬᠤᠷᠳᠤᠴᠠ ᠪᠠᠷ ᠲᠦᠷᠭᠡᠨ᠂ ᠨᠥᠯᠥᠭᠡᠯᠡᠬᠦ ᠬᠡᠪᠴᠢᠶ᠎ᠡ ᠪᠠᠷ ᠥᠷᠭᠡᠨ ᠪᠠᠶᠢᠳᠠᠭ ᠤᠬᠠᠭᠤᠯᠭ᠎ᠠ ᠶᠢᠨ ᠳᠠᠪᠠᠭᠤᠯᠢᠭ ᠢ ᠭᠦᠶᠴᠡᠳ ᠠᠰᠢᠭᠯᠠᠨ᠂ ᠲᠣᠰᠬᠤᠨ᠂ ᠨᠡᠶᠢᠭᠡᠮ ᠲᠣᠭᠤᠷᠢᠭ ᠤᠨ ᠴᠠᠭ ᠬᠤᠭᠤᠴᠠᠭ᠎ᠠ ᠬᠤᠪᠢᠶᠠᠨ ᠡᠷᠭᠢᠯᠳᠦᠭᠦᠯᠦᠨ ᠨᠡᠪᠲᠡᠷᠡᠭᠦᠯᠬᠦ᠂ ᠥᠯᠥ ᠮᠡᠳᠡᠭᠳᠡᠮ᠎ᠡ ᠪᠠᠷ ᠬᠤᠭᠤᠴᠠᠭ᠎ᠠ ᠰᠣᠯᠢᠬᠤ ᠤᠬᠠᠭᠤᠯᠭ᠎ᠠ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠬᠦ ᠶᠢ ᠦᠨᠡᠨ ᠬᠦ ᠪᠠᠲᠤᠯᠠᠨ᠎ᠠ᠃       ᠨᠤᠲᠤᠭ ᠤᠨ ᠠᠶᠠᠯᠭᠤ ᠴᠠᠷᠭᠢᠯ ᠬᠤᠯᠪᠣᠭ᠎ᠠ ᠳᠠᠭᠤᠯᠠᠵᠤ ᠡᠬᠢᠯᠡᠪᠡ᠃ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠪᠦᠯᠬᠦᠮ ᠢ ᠤᠷᠢᠵᠤ ᠬᠤᠭᠤᠴᠠᠭ᠎ᠠ ᠰᠣᠯᠢᠬᠤ ᠲᠠᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠲᠣᠭᠯᠠᠯᠲᠠ ᠪᠣᠯᠭᠠᠨ ᠨᠠᠶᠢᠷᠠᠭᠤᠯᠵᠤ᠂ ᠴᠠᠷᠭᠢᠯ ᠬᠤᠯᠪᠣᠭ᠎ᠠ ᠪᠠᠷ ᠬᠡᠯᠡᠵᠦ ᠳᠠᠭᠤᠯᠠᠬᠤ᠂ ᠭᠤᠷᠪᠠᠨ ᠥᠭᠦᠯᠡᠪᠦᠷᠢ ᠬᠠᠭᠠᠰ᠂ ᠬᠤᠶᠠᠷ ᠬᠥᠮᠦᠨ ᠤ ᠲᠠᠶᠢᠰᠠ ᠵᠡᠷᠭᠡ ᠲᠣᠭᠯᠠᠯᠲᠠ ᠶᠢᠨ ᠬᠡᠯᠪᠡᠷᠢ ᠪᠠᠷ ᠥᠷᠭᠡᠨ ᠳᠡᠯᠭᠡᠷ ᠤᠬᠠᠭᠤᠯᠭ᠎ᠠ ᠬᠢᠨ᠎ᠠ᠃ ᠳᠥᠭᠦᠮ ᠣᠶᠢᠯᠠᠭᠠᠮᠵᠢᠲᠠᠶ ᠦᠭᠡ ᠬᠡᠯᠡ᠂ ᠣᠯᠠᠨ ᠲᠦᠮᠡᠨ ᠲᠠᠢ ᠣᠶᠢᠷᠠᠲᠤᠭᠰᠠᠨ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠬᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠬᠤᠭᠤᠴᠠᠭ᠎ᠠ ᠰᠣᠯᠢᠬᠤ ᠠᠵᠢᠯ ᠳᠤ ᠣᠷᠣᠯᠴᠠᠬᠤ ᠢᠳᠡᠪᠬᠢᠵᠢᠯ ᠢ ᠭᠦᠶᠴᠡᠳ ᠳᠠᠶᠢᠴᠢᠯᠠᠨ᠎ᠠ᠃      ᠵᠠᠭᠤᠴᠢᠯᠠᠭᠤᠷ ᠤᠨ ᠲᠠᠪᠴᠠᠩ ᠢ ᠳᠠᠮᠵᠢᠭᠤᠯᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠬᠠᠷᠢᠯᠴᠠᠨ ᠤᠶᠠᠯᠳᠤᠭᠤᠯᠬᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠬᠡᠯᠪᠡᠷᠢ ᠶᠢᠨ ᠰᠦᠯᠵᠢᠶᠡᠨ ᠤ ᠵᠠᠭᠤᠴᠢᠯᠠᠭᠤᠷ ᠬᠠᠷᠢᠯᠴᠠᠨ ᠠᠭᠤᠰᠤᠯᠴᠠᠬᠤ ᠶᠢ ᠪᠠᠷᠢᠮᠲᠠᠯᠠᠵᠤ᠂ ᠪᠣᠰᠤᠭ᠎ᠠ ᠴᠣᠭᠴᠠᠲᠤ ᠮᠠᠶ᠋ᠢᠭ ᠤᠨ᠂ ᠪᠦᠷᠢᠨ ᠪᠦᠷᠬᠦᠭᠦᠯᠬᠦ᠂ ᠥᠷᠭᠡᠨ ᠢᠶᠠᠷ ᠤᠬᠠᠭᠤᠯᠬᠤ ᠪᠠᠶᠢᠷᠢᠰᠢᠯ ᠢ ᠪᠠᠶᠢᠭᠤᠯᠤᠨ᠎ᠠ᠃ 《 ᠬᠤᠶᠠᠷ ᠵᠥᠪᠯᠡᠯ 》᠎ ᠤᠨ ᠬᠤᠭᠤᠴᠠᠭ᠎ᠠ ᠰᠣᠯᠢᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠤᠯᠠᠮᠵᠢᠯᠠᠨ ᠳᠠᠮᠵᠢᠭᠤᠯᠬᠤ ᠶᠢ ᠴᠢᠬᠤᠯᠠᠴᠢᠯᠠᠵᠤ᠂ ᠤᠬᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠴᠢᠩᠭᠠᠷᠠᠭᠤᠯᠤᠨ᠎ᠠ᠃ ᠣᠳᠣᠬᠠᠨ ᠪᠣᠯᠲᠠᠯ᠎ᠠ᠂ ᠡᠯ᠎ᠡ ᠱᠠᠲᠤᠨ ᠤ ᠣᠯᠠᠨ ᠨᠡᠶᠢᠲᠡ ᠶᠢᠨ ᠳ᠋ᠤᠭᠠᠷ ᠲᠤ ᠬᠤᠭᠤᠴᠠᠭ᠎ᠠ ᠰᠣᠯᠢᠬᠤ ᠠᠵᠢᠯ ᠤᠨ ᠮᠡᠳᠡᠭᠡ ᠵᠠᠩᠭᠢ ᠶᠢ ᠨᠡᠶᠢᠲᠡ 300 ᠭᠠᠷᠤᠶ ᠬᠠᠭᠤᠳᠠᠰᠤ ( ᠵᠤᠷᠪᠤᠰ ) ᠨᠡᠶᠢᠲᠡᠯᠡᠵᠦ᠂ ᠬᠤᠭᠤᠴᠠᠭ᠎ᠠ ᠰᠣᠯᠢᠬᠤ ᠬᠠᠮᠢᠶ᠎ᠠ ᠪᠥᠬᠦᠶ ᠸᠢᠳᠢᠣ᠋ ᠣᠬᠤᠷ ᠹᠢᠯᠢᠮ ᠢ 1 . 1 ᠲᠦᠮᠡ ᠭᠠᠷᠤᠶ ᠤᠳᠠᠭ᠎ᠠ ᠳᠠᠮᠵᠢᠭᠤᠯᠤᠨ ᠲᠠᠷᠬᠠᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号