ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠦᠨᠳᠦᠰᠦᠨ ᠱᠠᠲᠤᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/1/28
     ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠎ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠯ᠎ᠡ ᠰᠠᠯᠪᠤᠷᠢ ᠶᠢᠨ ᠬᠠᠷᠢᠭᠤᠴᠠᠯᠭᠠᠲᠠᠨ ᠬᠠᠶᠢᠷᠤᠪ ᠤᠨ ᠲᠣᠬᠤᠶ ᠲᠣᠭᠤᠷᠢᠭ ᠤᠨ ᠦᠨᠳᠦᠰᠦᠨ ᠱᠠᠲᠤᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ《 ᠰᠢᠩ ᠾᠥᠸᠧ》ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠰᠤᠷᠤᠯᠴᠠᠨ ᠣᠶᠢᠯᠠᠭᠠᠬᠤ ᠶᠢᠨ ᠬᠠᠮᠲᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ《 ᠰᠢᠩ ᠾᠥᠸᠧ》ᠠᠵᠢᠯ ᠤᠨ ᠥᠷᠲᠡᠭᠡ ᠶᠢᠨ ᠠᠬᠤᠶ ᠲᠠᠯᠠᠪᠠᠶ ᠶᠢᠨ ᠰᠣᠯᠢᠯᠴᠠᠭᠠᠨ ᠤ ᠬᠤᠷᠠᠯ ᠢ ᠡᠷᠭᠢᠯᠡᠪᠡ᠃       ᠬᠤᠷᠠᠯ ᠳᠤ ᠣᠷᠣᠯᠴᠠᠭᠰᠠᠳ ᠡᠩ ᠲᠡᠷᠢᠭᠦᠨ ᠳᠤ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠢ ᠲᠣᠭᠤᠷᠢᠨ ᠦᠵᠡᠵᠦ᠂ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ᠂ ᠠᠮᠤᠷ ᠢ ᠬᠠᠮᠠᠭᠠᠯᠠᠬᠤ ᠪᠠᠶᠢᠳᠠᠯ᠂ ᠲᠣᠣᠷᠵᠢᠭᠤᠯᠤᠭᠴᠢ ᠶᠢᠨ ᠬᠠᠮᠢᠶᠠᠷᠤᠯᠲᠠ ᠬᠡᠷᠡᠭᠯᠡᠯᠲᠡ᠂ 《 ᠨᠡᠶᠢᠭᠡᠮ ᠤᠨ ᠪᠠᠶᠢᠳᠠᠯ ᠤᠨ ᠵᠢᠭᠠᠯᠲᠠ ᠲᠤᠭ᠎ᠠ 》᠎ ᠶᠢᠨ ᠵᠠᠰᠠᠯᠲᠠ ᠶᠢᠨ ᠲᠣᠭᠲᠠᠴᠠ ᠶᠢᠨ ᠠᠵᠢᠯᠯᠠᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠢ ᠯᠢᠨ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ 《 ᠰᠢᠩ ᠾᠥᠸᠧ 》 ᠠᠵᠢᠯ ᠤᠨ ᠥᠷᠲᠡᠭᠡ ᠶᠢᠨ ᠠᠵᠢᠯᠯᠠᠭᠠᠨ ᠤ ᠲᠣᠭᠲᠠᠴᠠ ᠶᠢ ᠨᠠᠷᠢᠨ ᠲᠠᠨᠢᠯᠴᠠᠭᠤᠯᠤᠭᠰᠠᠨ ᠪᠥᠭᠡᠳ ᠣᠳᠣᠬᠠᠨ ᠤ ᠬᠠᠶᠢᠷᠤᠪ ᠤᠨ ᠲᠣᠬᠤᠶ ᠲᠣᠭᠤᠷᠢᠭ ᠤᠨ ᠥᠷᠨᠢᠭᠦᠯᠦᠭᠰᠡᠨ ᠬᠤᠲᠠ ᠶᠢᠨ ᠬᠡᠪᠴᠢᠶᠡᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠲᠠᠢ ᠤᠶᠠᠯᠳᠤᠭᠤᠯᠤᠨ ᠰᠦᠯᠵᠢᠶᠡᠨ ᠤ ᠬᠤᠪᠢᠶᠠᠷᠢᠯᠠᠯ ᠢ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠳᠤ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ 《 1 + 3 + N 》 ᠲᠤᠰᠬᠠᠶ ᠮᠡᠷᠭᠡᠵᠢᠯᠲᠡᠨ ᠣᠯᠠᠨ ᠲᠦᠮᠡᠨ ᠤ ᠬᠤᠯᠪᠣᠭᠠᠯᠠᠨ ᠬᠥᠳᠡᠯᠦᠯᠴᠡᠵᠦ ᠣᠯᠠᠨ ᠡᠰᠢᠵᠢᠭᠰᠡᠨ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠬᠤ ᠶᠢ ᠴᠢᠩᠭᠠᠳᠬᠠᠨ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠪᠠ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠬᠠᠶᠢᠷᠤᠪ ᠤᠨ ᠲᠤᠬᠤᠢ ᠲᠣᠭᠤᠷᠢᠭ ᠤᠨ ᠳ᠋ᠠᠴᠢᠩ ᠵᠠᠮ ᠤᠨ ᠲᠣᠮᠢᠯᠠᠭᠰᠠᠨ ᠰᠠᠯᠪᠤᠷᠢ ᠶᠢᠨ 《  ᠰᠢᠩ ᠾᠥᠸᠧ 》 ᠠᠵᠢᠯᠯᠠᠬᠤ ᠦᠷᠳᠡᠭᠡ ᠎ ᠶᠢᠨ ᠲᠤᠷᠰᠢᠯᠭ᠎ᠠ ᠬᠢᠳᠡᠯ ᠪᠣᠯᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠯᠭᠡᠷᠡᠭᠦᠯᠦᠭᠰᠡᠨ ᠤ ᠬᠠᠮᠲᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠠᠰᠠᠭᠤᠳᠠᠯ ᠢᠶᠠᠨ ᠵᠠᠳᠠᠯᠤᠨ ᠰᠠᠶᠢᠵᠢᠷᠠᠭᠤᠯᠵᠤ᠂ ᠲᠤᠷᠰᠢᠯᠭ᠎ᠠ ᠬᠢᠳᠡᠯ ᠢᠶᠠᠨ ᠪᠠᠬᠢᠵᠢᠭᠦᠯᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号