ᠬᠠᠶᠢᠷᠤᠪ ᠤᠨ ᠲᠣᠬᠤᠢ ᠲᠣᠭᠤᠷᠢᠭ ᠤᠨ《 ᠲᠣᠮᠣ ᠪᠦᠷᠢᠶ᠎ᠡ 》ᠳᠤᠤᠭᠠᠷᠤᠯ᠎ᠠ
ᠨᠡᠶᠢᠲᠡᠯᠡᠭᠰᠡᠨ ᠴᠠᠭ᠄
2021/1/28
     ᠣᠳᠣᠬᠠᠨ ᠳᠤ ᠲᠠᠷᠢᠶᠠᠯᠠᠬᠤ ᠣᠷᠣᠨ ᠤ ᠨᠤᠲᠤᠭ ᠲᠠᠭᠠᠨ ᠪᠤᠴᠠᠬᠤ ᠬᠥᠮᠦᠰ ᠣᠯᠠᠰᠢᠷᠠᠵᠤ᠂ ᠬᠥᠮᠦᠰ ᠤᠨ ᠰᠢᠯᠵᠢᠯᠲᠡ ᠨᠡᠮᠡᠭᠳᠡᠵᠦ ᠪᠠᠶᠢᠬᠤ ᠪᠣᠯᠬᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠬᠠᠶᠢᠷᠤᠪ ᠤᠨ ᠲᠤᠬᠤᠢ ᠶᠢᠨ ᠲᠠᠷᠢᠶᠠᠯᠠᠬᠤ ᠣᠷᠣᠨ ᠵᠢᠴᠢ ᠬᠥᠳᠡᠭᠡ ᠠᠵᠤ ᠠᠬᠤᠢ ᠎ ᠳᠤ ᠬᠤᠯᠪᠣᠭᠳᠠᠬᠤ ᠨᠡᠶᠢᠭᠡᠮ ᠲᠣᠭᠤᠷᠢᠭ ᠢᠳᠡᠪᠬᠢᠲᠡᠢ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠬᠢᠨ 《 ᠲᠤᠮᠤ ᠪᠦᠷᠢᠶ᠎ᠡ 》᠎ ᠪᠠᠨ ᠬᠠᠩᠭᠢᠨᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠯᠠᠬᠤ ᠬᠡᠷᠡᠭᠲᠡᠢ ᠭᠡᠵᠦ ᠤᠯᠠᠨ ᠳᠤ ᠰᠠᠨᠠᠭᠤᠯᠪᠠ᠃    《 ᠠᠶᠢᠯ ᠲᠣᠭᠤᠷᠢᠬᠤ ᠦᠭᠡᠢ᠂ ᠴᠤᠭᠯᠠᠬᠤ ᠦᠭᠡᠢ᠂ ᠭᠠᠳᠠᠭᠰᠢ ᠭᠠᠷᠬᠤ ᠦᠭᠡᠢ᠂ᠬᠥᠮᠦᠨ ᠬᠠᠷ᠎ᠠ ᠶᠠᠪᠤᠵᠤ ᠰᠠᠭᠤᠬᠤ ᠶᠢ ᠴᠥᠭᠡᠳᠬᠡᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠴᠥᠭᠡᠳᠬᠡᠶ᠎ᠡ 》 ᠤᠢᠢᠷ᠎ᠠ ᠶᠢᠨ ᠡᠳᠦᠷ᠂ ᠡᠯ᠎ᠡ ᠲᠣᠰᠬᠤᠨ ᠤ 《 ᠪᠦᠷᠢᠶ᠎ᠡ 》 ᠬᠦᠷ ᠬᠥᠭᠵᠢᠶᠡᠨ ᠲᠠᠢ ᠪᠤᠯᠵᠥ᠂ ᠡᠳᠦᠷ ᠪᠦᠷᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠪᠣᠯᠤᠨ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠤᠬᠠᠭᠤᠯᠵᠤ ᠪᠠᠶᠢᠨ᠎ᠠ᠃      ᠣᠳᠣᠬᠠᠨ ᠳᠤ᠂ ᠬᠠᠶᠢᠷᠤᠪ ᠤᠨ ᠲᠣᠬᠤᠶ ᠶᠢᠨ ᠲᠠᠷᠢᠶᠠᠯᠠᠬᠤ ᠣᠷᠣᠨ ᠵᠢᠴᠢ ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠡᠳᠦᠷ ᠪᠦᠷᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠳᠡᠯ᠂ ᠵᠠᠷᠯᠠᠯ᠂ ᠰᠠᠨᠠᠭᠠᠴᠢᠯᠠᠭ᠎ᠠ ᠶᠢᠨ ᠪᠢᠴᠢᠭ ᠵᠡᠷᠭᠡ ᠠᠭᠤᠯᠭ᠎ᠠ ᠶᠢ ᠡᠷᠭᠢᠯᠳᠦᠭᠦᠯᠦᠨ ᠨᠡᠪᠲᠡᠷᠡᠭᠦᠯᠵᠦ᠂ ᠤᠬᠠᠭᠤᠯᠬᠤ ᠡᠷᠴᠢᠮ ᠪᠠ ᠬᠠᠮᠤᠷᠬᠤ ᠬᠡᠪᠴᠢᠶ᠎ᠡ ᠪᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠩ ᠣᠯᠠᠨ ᠮᠡᠳᠡᠯᠭᠡ ᠶᠢ ᠡᠷᠦᠬᠡ ᠪᠦᠷᠢ ᠳᠤ ᠬᠦᠷᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠵᠤ᠂ ᠣᠯᠠᠨ ᠤ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号