ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂《 ᠳᠥᠷᠪᠡᠨ ᠤᠬᠠᠮᠰᠠᠷ | 》 ᠢ ᠪᠠᠲᠤ ᠪᠣᠶ ᠪᠣᠯᠭᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 | ᠶᠢ ᠡᠷᠡᠰ ᠪᠡᠶᠡᠯᠡᠭᠦᠯᠬᠦ ᠶᠢᠨ ᠲᠥᠯᠥᠭᠡ᠂1 ᠰᠠᠷ᠎ᠠ ᠶᠢᠨ 29 ᠤ ᠡᠳᠦᠷ᠂ ᠬᠠᠶᠢᠪᠸᠢ ᠵᠡᠭᠡᠯᠢ ᠭᠤᠳᠤᠮᠵᠢ ᠶᠢᠨ ᠳ᠋ᠦᠩ | ᠬᠤᠸᠠᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠬᠦ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ᠂ ᠨᠠᠮ | ᠤᠨ ᠬᠤᠷᠢᠶᠠᠨ ᠤ ᠳᠡᠳ᠋ ᠱᠦᠵᠢ ᠲᠢᠶᠠᠨ ᠨᠠ ᠬᠤᠷᠠᠯ ᠡᠷᠭᠢᠯᠡᠪᠡ᠃ | ᠡᠩ ᠲᠡᠷᠢᠭᠦᠨ ᠳᠤ᠂ ᠲᠢᠶᠠᠨ ᠨᠠ ᠨᠠᠮ ᠤᠨ ᠭᠡᠰᠢᠭᠦᠨ ᠢᠶᠠᠨ ᠳᠠᠭᠠᠭᠤᠯᠤᠨ 《 ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ 》᠂《 ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠭᠦᠷ ᠤᠨ ᠠᠵᠢᠯ ᠤᠨ ᠲᠦᠷᠢᠮ ( ᠲᠤᠷᠰᠢᠨ ᠬᠡᠷᠡᠭᠵᠢᠭᠦᠯᠬᠦ ) 》 ᠢ ᠭᠦᠨᠵᠡᠭᠡᠢ ᠰᠤᠷᠤᠯᠴᠠᠨ ᠡᠵᠡᠮᠰᠢᠬᠦ | ᠶᠢᠨ ᠬᠠᠮᠲᠤ ᠨᠠᠮ ᠤᠨ ᠭᠡᠰᠢᠭᠦᠳ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠵᠤ᠂ ᠲᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠲᠤ ᠲᠤᠰᠬᠠᠢ ᠰᠡᠳᠦᠪᠲᠦ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠢ ᠭᠡᠵᠦ | ᠱᠠᠭᠠᠷᠳᠠᠪᠠ᠃ ᠣᠯᠠᠨ ᠢᠶᠠᠷ ᠢᠶᠠᠨ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ | ᠡᠮᠦᠨ᠎ᠡ ᠲᠥᠪᠯᠡᠷᠡᠭᠦᠯᠦᠨ ᠰᠤᠷᠤᠯᠴᠠᠬᠤ ᠪᠠᠷ ᠲᠣᠬᠢᠶᠠᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠢ ᠴᠢᠨᠠᠷ ᠰᠠᠶᠢᠲᠠᠶ ᠬᠢᠬᠦ ᠶᠢ ᠪᠠᠲᠤᠯᠠᠬᠤ ᠬᠡᠷᠡᠭᠲᠡᠶ᠃ | ᠲᠠᠷᠠᠭ᠎ᠠ ᠨᠢ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ 《 ᠵᠣᠬᠢᠶᠠᠨ ᠪᠠᠶᠢᠭᠤᠯᠤᠯᠲᠠ ᠶᠢᠨ ᠠᠮᠢᠳᠤᠷᠠᠯ | ᠤᠨ ᠬᠤᠷᠠᠯ 》 ᠤᠨ ᠤᠬᠠᠭᠤᠯᠭ᠎ᠠ ᠶᠢᠨ ᠹᠢᠯᠢᠮ ᠢ ᠰᠣᠨᠢᠷᠬᠠᠵᠤ᠂ ᠤᠯᠠᠨ ᠳᠤ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠤᠨ ᠲᠦᠷᠢᠮ ᠲᠣᠭᠲᠠᠭᠠᠯ ᠵᠢᠴᠢ ᠠᠴᠢ ᠬᠤᠯᠪᠣᠭᠳᠠᠯ ᠢ ᠨᠡᠩ ᠰᠢᠭᠤᠳ ᠣᠶᠢᠯᠠᠭᠠᠭᠤᠯᠪᠠ᠃ | ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠨᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠥᠬᠡᠶ | ᠲᠠᠯ᠎ᠠ ᠪᠠᠨ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠠᠰᠠᠭᠤᠳᠠᠯ ᠵᠢᠴᠢ ᠦᠨᠳᠦᠰᠦ ᠰᠤᠷᠪᠤᠯᠵᠢ ᠶᠢ ᠭᠦᠨᠵᠡᠭᠡᠶ | ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠢᠷᠮᠠᠶᠢᠬᠤ ᠴᠢᠭᠯᠡᠯ ᠢ ᠳᠤᠷᠠᠳᠴᠠᠶ᠃ ᠬᠢᠷᠢ | ᠲᠡᠩᠴᠡᠭᠰᠡᠨ ᠨᠠᠮ ᠤᠨ ᠭᠡᠰᠢᠭᠦᠨ ᠤ ᠪᠠᠷᠢᠮᠵᠢᠶ᠎ᠠ ᠶᠢ ᠲᠣᠳᠣᠷᠬᠠᠢ ᠪᠣᠯᠭᠠᠵᠤ᠂ ᠲᠠᠬᠢᠨ ᠳᠠᠪᠲᠠᠨ ᠰᠤᠷᠤᠯᠴᠠᠬᠤ ᠪᠠᠷ | ᠳᠠᠮᠵᠢᠭᠤᠯᠤᠨ᠂ ᠰᠤᠷᠤᠭᠠᠳ ᠦᠷ᠎ᠡ ᠪᠦᠲᠦᠮᠵᠢ ᠣᠯᠵᠤ᠂ ᠰᠤᠷᠤᠭᠠᠳ ᠣᠯᠤᠯᠲᠠ ᠲᠠᠢ ᠪᠣᠯᠬᠤ ᠬᠡᠷᠡᠭᠲᠡᠢ᠃ | ᠲᠣᠰ ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠪᠠ᠃ |