ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠢ ᠰᠡᠷᠭᠡᠶᠢᠯᠡᠬᠦ ᠠᠵᠢᠯ ᠢ ᠰᠤᠯᠠᠷᠠᠭᠤᠯᠬᠤ ᠥᠬᠡᠶ  ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠢ ᠨᠠᠷᠢᠯᠢᠭ ᠣᠨᠣᠪᠴᠢᠲᠠᠶ ᠰᠡᠷᠭᠡᠶᠢᠯᠡᠨ ᠡᠵᠡᠮᠳᠡᠶ᠎ᠡ
ᠨᠡᠶᠢᠲᠡᠯᠡᠭᠰᠡᠨ ᠴᠠᠭ᠄
2021/1/29
     ᠬᠠᠶᠢᠷᠤᠪ ᠤᠨ ᠲᠤᠬᠤᠢ ᠲᠣᠭᠤᠷᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ᠂ ᠬᠦᠢᠳᠡᠨ ᠬᠥᠮᠥᠷᠭᠡ ᠵᠡᠷᠭᠡ ᠬᠤᠳᠠᠯᠳᠤᠭᠠᠨ ᠤ ᠠᠵᠢᠯᠯᠠᠭ᠎ᠠ ᠲᠥᠪᠯᠡᠷᠡᠭᠰᠡᠨ ᠣᠷᠣᠨ ᠪᠦᠰᠡ ᠳᠤ ᠭᠤᠣᠯᠳᠠᠯᠭ᠎ᠠ ᠲᠠᠢ ᠰᠡᠷᠭᠡᠶᠢᠯᠡᠯᠲᠡ ᠬᠢᠵᠦ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠤᠳᠠᠯ ᠦᠬᠡᠢ ᠬᠦᠷᠴᠦ ᠢᠷᠡᠬᠦ ᠴᠠᠭᠠᠨ ᠰᠠᠷ᠎ᠠ ᠎ ᠶᠢᠨ ᠦᠨᠦᠷ ᠠᠮᠲᠠ ᠶᠢ ᠠᠯᠳᠠᠬᠤ ᠦᠬᠡᠢ ᠪᠣᠯᠭᠠᠪᠠ᠃      ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠴᠦ ᠶᠠᠪᠤᠬᠤ ᠲᠤᠲᠤᠮ ᠬᠥᠭᠵᠢᠶᠡᠨᠲᠡᠶ ᠪᠣᠯᠵᠣ᠂ ᠢᠯᠢᠨ ᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠴᠠᠭᠠᠨ ᠰᠠᠷ᠎ᠠ ᠶᠢᠨ ᠪᠠᠷᠠᠭᠠᠨ ᠤ ᠵᠡᠭᠡᠯᠢ᠂ ᠥᠨᠳᠥᠷ ᠡᠯᠭᠦᠭᠰᠡᠨ ᠳ᠋ᠧᠩᠯᠦ ᠪᠠ ᠤᠯᠤᠰ ᠤᠨ ᠲᠤᠭ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠣᠨᠴᠠᠭᠠᠶ ᠪᠠᠶᠠᠷ ᠪᠠᠶᠠᠰᠬᠤᠯᠠᠩ ᠲᠠᠢ ᠪᠣᠯᠭᠠᠵᠤ᠂ ᠵᠠᠬ᠎ᠠ ᠳᠡᠯᠭᠡᠭᠦᠷ ᠤᠨ ᠪᠠᠷᠬᠢᠷᠠᠨ ᠪᠠᠷᠬᠢᠷᠠᠬᠤ ᠪᠠ ᠬᠤᠳᠠᠯᠳᠤᠬᠤ ᠲᠠᠭᠤᠨ ᠲᠠᠰᠤᠷᠠᠯᠲᠠ ᠥᠬᠡᠶ ᠰᠣᠨᠣᠰᠳᠠᠵᠤ᠂ ᠲᠥᠷᠥᠯ ᠵᠦᠶᠯ ᠨᠢ ᠪᠦᠷᠢᠨ ᠭᠦᠶᠴᠡᠳ ᠬᠠᠳᠠᠭᠠᠭᠰᠠᠨ ᠵᠢᠮᠢᠰ᠂ ᠰᠢᠨ᠎ᠡ ᠰᠣᠷᠭᠤᠭ ᠮᠢᠬᠠᠨ ᠤ ᠵᠦᠶᠯ ᠎ ᠨᠢ ᠴᠠᠭᠠᠨ ᠰᠠᠷ᠎ᠠ ᠶᠢᠨ ᠪᠠᠷᠠᠭᠠᠨ ᠤ ᠵᠡᠭᠡᠯᠢ ᠳᠡᠭᠡᠷ᠎ᠡ ᠭᠠᠵᠠᠷ ᠪᠣᠯᠭᠠᠨ ᠳᠤ ᠬᠠᠷᠠᠭᠳᠠᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠣᠨ ᠪᠣᠯᠤᠨ᠎ᠠ᠂ ᠡᠨᠡ ᠵᠢᠯ ᠨᠡᠶᠢᠳᠡ 63 ᠳᠡᠯᠭᠡᠭᠦᠷ ᠭᠠᠷᠭᠠᠵᠤ ᠤᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠣᠷᠣᠵᠤ ᠭᠠᠷᠬᠤ ᠭᠠᠵᠠᠷ ᠲᠤ ᠲᠣᠷᠣᠮᠰᠤᠯᠠᠭᠰᠠᠨ ᠳᠤᠯᠠᠭᠠᠨ ᠤ ᠬᠡᠮᠵᠢᠭᠦᠷ ᠲᠠᠯᠪᠢᠵᠤ᠂ ᠲᠤᠰᠬᠠᠢ ᠬᠥᠮᠦᠨ ᠲᠣᠮᠢᠯᠠᠨ ᠵᠢᠵᠢᠭᠦᠷᠯᠡᠭᠦᠯᠵᠦ᠂ ᠴᠠᠭᠠᠨ ᠰᠠᠷ᠎ᠠ ᠶᠢᠨ ᠪᠠᠷᠠᠭᠠᠨ ᠤ ᠵᠡᠭᠡᠯᠢ ᠶᠢ ᠲᠣᠭᠲᠠᠭᠰᠠᠨ ᠴᠠᠭ ᠲᠤ ᠠᠷᠢᠯᠭᠠᠨ᠂ ᠬᠡᠷᠡᠭᠯᠡᠭᠴᠢᠳ ᠲᠤ ᠠᠮᠤᠷ ᠲᠦᠪᠰᠢᠨ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃      ᠬᠠᠶᠢᠷᠤᠪ ᠤᠨ ᠲᠤᠬᠤᠢ ᠲᠣᠭᠤᠷᠢᠭ ᠤᠨ ᠶᠢᠨ ᠢᠦ᠋ᠢ ᠵᠠᠬ᠎ᠠ ᠳᠡᠯᠭᠡᠭᠦᠷ ᠲᠤ᠂ ᠥᠷᠯᠥᠭᠡ ᠡᠷᠲᠡ ᠴᠥᠭᠡᠨ ᠪᠤᠰᠤ ᠵᠢᠮᠢᠰ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠠᠷᠠᠭ᠎ᠠ ᠪᠡᠯᠡᠳᠬᠡᠬᠦ ᠪᠠᠷ ᠢᠷᠡᠵᠦ᠂ ᠵᠠᠬ᠎ᠠ ᠳᠡᠯᠭᠡᠭᠦᠷ ᠲᠤ ᠣᠷᠣᠬᠤ ᠠᠮᠠᠰᠠᠷ ᠤᠨ ᠳᠤᠯᠠᠭᠠᠨ ᠢ ᠬᠡᠮᠵᠢᠨ ᠳᠠᠩᠰᠠᠯᠠᠬᠤ ᠶᠢᠨ ᠬᠠᠮᠲᠤ ᠳᠡᠯᠭᠡᠭᠦᠷ ᠤᠨ ᠰᠡᠷᠭᠡᠶᠢᠯᠡᠯᠲᠡ ᠶᠢᠨ ᠱᠤᠭᠤᠮ ᠎ ᠤᠨ ᠭᠠᠳᠠᠨᠠᠬᠢ ᠺᠣᠳ᠋ ᠢ ᠰᠢᠷᠪᠢᠵᠦ ᠪᠠᠷᠠᠭᠰᠠᠨ ᠤ ᠳᠠᠷᠠᠭ᠎ᠠ ᠰᠠᠶ᠋ᠢ ᠳᠡᠯᠭᠡᠭᠦᠷ ᠲᠤ ᠣᠷᠣᠵᠤ ᠪᠠᠷᠠᠭ᠎ᠠ ᠵᠠᠬᠢᠶᠠᠯᠠᠵᠤ ᠪᠣᠯᠤᠨ᠎ᠠ᠃    ᠎ ᠶᠢᠨ ᠢᠦ᠋ᠢ ᠵᠠᠬ᠎ᠠ ᠳᠡᠯᠭᠡᠭᠦᠷ ᠪᠣᠯ ᠬᠠᠶᠢᠷᠤᠪ ᠤᠨ ᠲᠤᠬᠤᠢ ᠲᠣᠭᠤᠷᠢᠭ ᠤᠨ ᠬᠠᠮᠤᠭ ᠤᠨ ᠶᠡᠭᠡ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠪᠣᠯᠤᠨ᠎ᠠ᠂ ᠲᠤᠭᠤᠷᠢᠭ ᠤᠨ ᠬᠠᠮᠤᠭ ᠤᠨ ᠶᠡᠭᠡ ᠬᠦᠢᠳᠡᠨ ᠬᠥᠮᠥᠷᠭᠡ ᠡᠭᠦᠨ ᠳᠤ ᠪᠠᠶᠢᠷᠢᠯᠠᠵᠤ ᠪᠤᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠮᠠᠨ ᠤ ᠬᠤᠳᠠ ᠳᠤ ᠬᠠᠯᠳᠠᠪᠤᠷᠢᠯᠠᠨ ᠣᠷᠣᠵᠤ ᠢᠷᠡᠬᠦ ᠶᠢ ᠲᠤᠶᠢᠯᠪᠤᠷᠢᠲᠠᠢ ᠬᠤᠷᠢᠭᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠢᠩᠭ᠎ᠠ ᠰᠡᠷᠭᠡᠶᠢᠯᠡᠨ ᠪᠠᠲᠤ ᠰᠠᠬᠢᠵᠤ᠂ ᠪᠤᠢ ᠪᠦᠬᠦᠢ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠶᠢᠨ ᠢᠦ᠋ᠢ ᠵᠠᠬ᠎ᠠ ᠳᠡᠯᠭᠡᠭᠦᠷ ᠤᠨ ᠬᠦᠢᠳᠡᠨ ᠬᠥᠮᠥᠷᠭᠡ ᠳᠤ ᠣᠷᠣᠬᠤ ᠠᠴᠠ ᠡᠮᠦᠨ᠎ᠡ᠂ ᠴᠥᠮ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠪᠣᠭᠤᠮᠲᠠ ᠳᠤ ᠮᠡᠳᠡᠭᠦᠯᠬᠦ ᠬᠠᠭᠤᠳᠠᠰᠤ᠂ ᠬᠢᠯᠢ ᠎ ᠪᠠᠷ ᠣᠷᠣᠵᠤ ᠭᠠᠷᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠡᠮᠳᠡᠭᠯᠡᠯ᠂ ᠠᠷᠢᠭᠤᠳᠬᠠᠭᠰᠠᠨ ᠲᠡᠮᠳᠡᠭᠯᠡᠯ᠂ ᠲᠤᠯᠤᠭᠠᠨ ᠡᠳᠦᠷ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠵᠡᠷᠭᠡ ᠶᠢ ᠬᠠᠩᠭᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠢᠯᠭᠠᠨ ᠪᠠᠶᠢᠴᠠᠭᠠᠬᠤ ᠠᠵᠢᠯᠲᠠᠳ ᠪᠠᠰᠠ ᠲᠡᠷᠭᠡᠨ ᠳᠣᠲᠣᠷᠠᠬᠢ ᠭᠠᠳᠠᠭᠠᠳᠤ ᠠᠴᠠ ᠣᠷᠣᠭᠤᠯᠤᠭᠰᠠᠨ ᠦᠶᠯᠡᠳᠬᠦᠨ ᠳᠤ ᠴᠢᠩᠭ᠎ᠠ ᠰᠢᠯᠭᠠᠨ ᠪᠠᠶᠢᠴᠠᠭᠠᠯᠲᠠ ᠬᠢᠵᠦ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠬᠦᠶᠲᠡᠨ ᠬᠡᠯᠬᠢᠶᠡᠲᠦ ᠲᠡᠷᠭᠡ ᠶᠢᠨ ᠪᠠᠷᠠᠭ᠎ᠠ ᠪᠠᠭᠤᠯᠭᠠᠵᠤ ᠬᠥᠮᠥᠷᠭᠡ ᠳᠤ ᠣᠷᠣᠭᠤᠯᠬᠤ ᠶᠢ ᠵᠥᠪᠰᠢᠶᠡᠷᠡᠨ᠎ᠡ᠃ ᠡᠭᠦᠨ ᠤ ᠬᠠᠮᠲᠤ ᠂ ᠪᠠᠶᠢᠴᠠᠭᠠᠬᠤ ᠠᠵᠢᠯᠲᠠᠨ ᠪᠣᠷᠣᠯᠠᠭᠤᠯᠤᠭᠴᠢ ᠶᠢ ᠨᠠᠷᠢᠨ ᠲᠣᠳᠣᠷᠬᠠᠶ ᠪᠣᠷᠣᠯᠠᠭᠤᠯᠭ᠎ᠠ ᠶᠢᠨ ᠲᠡᠮᠳᠡᠭᠯᠡᠯ ᠬᠠᠩᠭᠠᠵᠤ᠂ ᠭᠠᠳᠠᠭᠠᠳᠤ ᠠᠴᠠ ᠣᠷᠣᠭᠤᠯᠤᠭᠰᠠᠨ ᠦᠶᠯᠡᠳᠬᠦᠨ ᠤ ᠪᠣᠷᠣᠯᠠᠭᠤᠯᠵᠤ ᠪᠠᠶᠢᠭ᠎ᠠ ᠭᠠᠵᠠᠷ ᠣᠷᠣᠨ᠂ ᠬᠥᠮᠦᠰ ᠢ ᠲᠡᠮᠳᠡᠭᠯᠡᠵᠦ᠂ ᠬᠤᠶᠢᠰᠢᠳᠠ ᠶᠢᠨ ᠪᠠᠶᠢᠴᠠᠭᠠᠬᠤ ᠪᠠ ᠦᠯᠡᠳᠡᠭᠡᠨ ᠬᠠᠳᠠᠭᠠᠯᠠᠵᠤ ᠳᠠᠩᠰᠠᠯᠠᠭᠤᠯᠬᠤ ᠳᠤ ᠲᠥᠬᠦᠮ ᠦᠵᠡᠭᠦᠯᠬᠦ ᠶᠢ ᠱᠠᠭᠠᠷᠳᠠᠳᠠᠭ᠃       ᠬᠠᠶᠢᠷᠤᠪ ᠤᠨ ᠲᠤᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠎ ᠤ ᠳᠡᠳ᠋ ᠳᠠᠷᠤᠭ᠎ᠠ ᠸᠧᠢ ᠸᠧᠢ᠄ 《 ᠪᠢᠳᠡ ᠲᠠᠪᠤᠨ ᠶᠡᠭᠡ ᠠᠵᠢᠯ ᠲᠦᠷᠦᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠨ᠎ᠠ᠂ ᠨᠢᠭᠡᠳᠦᠭᠡᠷ ᠨᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠶᠠᠳᠤᠭᠠᠷ ᠨᠢ ᠬᠦᠢᠲᠡᠨ ᠬᠥᠮᠥᠷᠭᠡ᠂ ᠭᠤᠷᠪᠠᠳᠤᠭᠠᠷ ᠨᠢ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ᠂ ᠳᠥᠷᠪᠡᠳᠦᠭᠡᠷ ᠨᠢ ᠢᠳᠡᠭᠡᠨ ᠤᠮᠳᠠᠭᠠᠨ᠂ ᠲᠠᠪᠤᠳᠤᠭᠠᠷ ᠨᠢ ᠡᠨᠡ ᠬᠦ ᠬᠡᠳᠦ ᠳᠡᠯᠭᠡᠭᠦᠷ ᠪᠣᠯᠤᠨ᠎ᠠ᠃ ᠶᠢᠨ ᠢᠦ᠋ᠶ ᠵᠠᠬ᠎ᠠ ᠳᠡᠯᠭᠡᠭᠦᠷ ᠪᠣᠯ ᠪᠢᠳᠡᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠬᠤ ᠶᠢᠨ ᠬᠠᠮᠲᠤ ᠥᠷᠭᠡᠨ ᠤᠯᠠᠨ ᠬᠡᠷᠡᠭᠯᠡᠭᠴᠢᠳ ᠲᠤ ᠠᠮᠤᠷ ᠲᠦᠪᠰᠢᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠢᠨ ᠬᠠᠮᠲᠤ ᠴᠠᠭᠠᠨ ᠰᠠᠷ᠎ᠠ ᠶᠢᠨ ᠠᠭᠤᠷ ᠠᠮᠢᠰᠬᠤᠯ ᠢ ᠴᠤ ᠠᠯᠳᠠᠬᠤ ᠦᠭᠡᠢ ᠪᠠᠶᠢᠬᠤ ᠬᠡᠷᠡᠭᠲᠡᠢ᠃ 》᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号