ᠣᠷᠴᠢᠮ ᠤᠨ ᠵᠢᠯ᠂ ᠬᠠᠶᠢᠷᠤᠪ ᠤᠨ ᠲᠤᠬᠤᠢ ᠲᠣᠭᠤᠷᠢᠭ ᠤᠯᠠᠨ ᠲᠦᠮᠡᠨ ᠳᠤ ᠤᠬᠠᠭᠤᠯᠭ᠎ᠠ ᠬᠢᠬᠦ ᠶᠢ ᠪᠠᠲᠤ | ᠡᠵᠡᠮᠳᠡᠪᠡ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ | ᠦᠶᠯᠡᠴᠢᠯᠡᠬᠦ《 ᠡᠴᠦᠰ ᠤᠨ ᠨᠢᠭᠡ ᠺᠢᠯᠣᠮᠧᠲᠷ 》 ᠤᠨ ᠠᠵᠢᠯ ᠤᠨ ᠭᠤᠤᠯ ᠱᠤᠭᠤᠮ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠢᠶᠠᠷ ᠭᠤᠤᠯ ᠴᠣᠭᠴᠠ ᠶᠢᠨ ᠬᠦᠴᠦᠨ ᠪᠣᠯᠭᠠᠨ᠎ᠠ᠂ ᠰᠠᠶᠢᠨ | ᠳᠤᠷ᠎ᠠ ᠶᠢᠨ ᠦᠶᠯᠡᠴᠢᠯᠡᠭᠡ ᠪᠠᠷ ᠦᠨᠳᠦᠰᠦᠨ ᠬᠡᠯᠪᠡᠷᠢ ᠪᠣᠯᠭᠠᠬᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠬᠤ᠂ ᠡᠯ᠎ᠡ | ᠵᠦᠶᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠪᠠᠶᠢᠩᠭᠤ ᠶᠢᠨ ᠴᠢᠨᠠᠷᠲᠠᠶ ᠠᠵᠢᠯ ᠥᠷᠨᠢᠭᠦᠯᠬᠦ ᠬᠡᠷᠡᠭᠲᠡᠶ᠂ ᠨᠢᠭᠤᠷᠳᠠᠬᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ | ᠤ ᠠᠵᠢᠯᠯᠠᠭ᠎ᠠ᠂ ᠰᠢᠨ᠎ᠡ ᠰᠤᠷᠲᠠᠯ ᠢ ᠪᠤᠢ ᠪᠣᠯᠭᠠᠬᠤ᠂ ᠲᠥᠪ ᠰᠤᠷᠲᠠᠯ ᠢ ᠪᠠᠳᠠᠷᠠᠭᠤᠯᠬᠤ ᠪᠠ ᠭᠠᠵᠢᠭᠤ ᠰᠤᠷᠲᠠᠯ ᠢ | ᠴᠡᠭᠴᠡᠯᠡᠬᠦ᠂ ᠭᠠᠵᠢᠭᠤ ᠠᠭᠤᠷ ᠢ ᠠᠷᠢᠯᠭᠠᠬᠤ ᠶᠢ ᠤᠶᠠᠯᠳᠤᠭᠤᠯᠬᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠶᠢ ᠶᠡᠬᠡᠪᠡᠷ ᠪᠠᠳᠠᠷᠠᠭᠤᠯᠤᠶ᠎ᠠ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ《ᠠᠷᠠᠳ ᠤᠨ ᠭᠡᠷ | ᠪᠦᠯᠢ》 ᠶᠢ ᠴᠣᠭᠴᠠᠯᠠᠨ᠎ᠠ᠂ ᠣᠯᠠᠨ ᠲᠦᠮᠡᠨ ᠤ ᠦᠵᠡᠯ ᠰᠠᠨᠠᠭ᠎ᠠ ᠤᠬᠠᠮᠰᠠᠷ᠂ ᠶᠣᠰᠣ ᠰᠤᠷᠲᠠᠬᠤᠨ ᠤ ᠲᠦᠪᠰᠢᠨ᠂ | ᠪᠣᠯᠪᠠᠰᠤᠨ ᠤ ᠬᠡᠪ ᠪᠣᠯᠪᠠᠰᠤᠷᠠᠯ ᠪᠠ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠂ | ᠤᠬᠠᠮᠰᠠᠷ ᠠᠴᠠ ᠪᠠᠨ ᠨᠠᠮ ᠳᠤ ᠲᠠᠯᠠᠷᠬᠠᠬᠤ ᠠᠴᠢ ᠶᠢ ᠪᠦᠷᠢᠯᠳᠦᠭᠦᠯᠪᠡ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠶᠢ ᠪᠦᠷᠢᠯᠳᠦᠭᠦᠯᠪᠡ᠂ |