ᠬᠠᠶᠢᠷᠤᠪ ᠤᠨ ᠲᠤᠬᠤᠢ ᠲᠣᠭᠤᠷᠢᠭ《ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ ᠲᠦᠷᠦ ᠎ ᠶᠢᠨ ᠠᠮᠢ ᠠᠬᠤᠢ ᠶᠢ ᠴᠡᠪᠡᠷᠰᠢᠭᠦᠯᠬᠦ》ᠲᠤᠰᠬᠠᠢ ᠠᠵᠢᠯᠯᠠᠭ᠎ᠠ ᠶᠢᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/4
     12 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ《 ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠭᠦᠨᠵᠡᠭᠡᠶᠢᠷᠡᠭᠦᠯᠬᠦ》ᠲᠤᠰᠬᠠᠢ ᠠᠵᠢᠯᠯᠠᠭ᠎ᠠ ᠶᠢᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠎ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂《 ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ 》ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠠᠶᠢᠷᠤᠪ ᠤᠨ ᠲᠣᠬᠤᠶ ᠲᠣᠭᠤᠷᠢᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠤᠰ ᠲᠥᠷᠥ ᠎ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂  ᠲᠤᠭᠤᠷᠢᠭ ᠤᠨ ᠨᠠᠮ ᠤᠨ ᠬᠤᠷᠢᠶ᠎ᠠ ᠲᠦᠷᠦᠭᠦᠯᠡᠨ ᠤᠯᠤᠰ ᠲᠥᠷᠥ ᠶᠢᠨ ᠪᠠᠶᠢᠭᠤᠯᠤᠯᠲᠠ ᠎ ᠪᠠᠨ ᠴᠢᠩᠭᠠᠳᠬᠠᠬᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠲᠦᠷᠦᠭᠦᠯᠡᠨ ᠭᠦᠶᠴᠡᠳᠬᠡᠬᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠤᠰᠬᠠᠶ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠪᠠᠶᠢᠳᠠᠯ ᠴᠣ ᠰᠢᠨ᠎ᠡ ᠪᠣᠯᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠤᠶᠢᠯᠪᠤᠷᠢᠲᠠᠶ ᠬᠤᠪᠢᠷᠠᠵᠠᠢ᠃      ᠴᠢ ᠹᠸᠢ ᠶᠦᠨ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠶᠢᠩᠭᠤᠵᠢᠭᠤᠯᠬᠤ ᠳᠦᠷᠢᠮᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠬᠠᠮᠰᠠᠷ ᠠᠴᠠ ᠎ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠎ ᠶᠢ ᠠᠬᠢᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠪᠣᠯᠤᠨ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ ᠵᠠᠰᠠᠭ ᠎ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠤ  ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号