ᠹᠧᠩ ᠬᠤᠸᠠᠩ ᠯᠢᠩ ᠵᠡᠭᠡᠯᠢ ᠭᠤᠳᠤᠮᠵᠢ ——︽ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠢᠳᠡᠷᠡᠭᠦᠨ ᠠᠯᠬᠤᠭ᠎ᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2021/10/11
 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 72 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠦᠬᠠᠶ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠢᠳᠡᠷ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠣᠯᠢᠯᠴᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ 9 ᠰᠠᠷ᠎ᠠ ᠶᠢᠨ 29᠎ ᠤ ᠡᠳᠦᠷ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ᠂ ᠴᠡᠴᠡᠷᠯᠢᠭ ᠲᠤ ︽ᠨᠠᠮ ᠢᠶᠠᠨ ᠡᠭᠦᠷᠢᠳᠡ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠡᠷᠡᠭᠦᠯ ᠮᠡᠨᠳᠦ ᠶᠢᠨ ᠠᠬᠢᠭᠤᠯᠤᠯᠲᠠ ᠶᠢᠨ ᠡᠷᠡᠭᠦᠯ ᠮᠡᠨᠳᠦ ᠶᠢᠨ ᠠᠵᠢᠯᠯᠠᠭᠠᠨ ᠤ ᠠᠵᠢᠯᠯᠠᠭ᠎ᠠ ᠥᠷᠨᠢᠭᠦᠯᠪᠡ᠃    ᠨᠠᠮᠤᠷ ᠤᠨ ᠴᠡᠴᠡᠷᠯᠢᠭ ᠤᠨ ᠥᠷᠯᠥᠭᠡ᠂ ᠨᠡᠷᠡᠨ ᠤ ᠭᠡᠷᠡᠯ ᠡᠬᠡ ᠭᠠᠵᠠᠷ ᠳᠦᠭᠦᠷᠡᠩ ᠲᠤᠰᠴᠤ᠂ ᠰᠠᠭᠤᠭᠠᠯᠢ ᠠᠷᠠᠳ ᠤᠨ ᠨᠢᠭᠤᠷ ᠳᠡᠭᠡᠷ᠎ᠡ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠬᠥᠮᠦᠨ ᠪᠣᠯᠭᠠᠨ ᠪᠦᠷ ᠬᠦᠴᠦ ᠪᠠᠨ ᠬᠤᠷᠠᠮᠳᠤᠭᠤᠯᠤᠨ ᠬᠥᠳᠡᠯᠬᠦ ᠶᠢ ᠬᠦᠯᠢᠶᠡᠵᠦ ᠪᠠᠶᠢᠨ᠎ᠠ᠃ ᠭᠡᠰᠢᠭᠦᠳ ᠪᠦᠷ ᠨᠢᠭᠡᠳᠦᠯᠲᠡᠶ ᠤᠯᠠᠭᠠᠨ ᠬᠤᠪᠴᠠᠰᠤ ᠡᠮᠦᠰᠴᠦ᠂ ᠤᠯᠠᠭᠠᠨ ᠠᠮᠠᠪᠴᠢ ᠵᠡᠭᠦᠵᠦ᠂ ᠳᠡᠭᠡᠷ᠎ᠡ ᠨᠢ ︽ᠳᠤᠮᠳᠠᠳᠤ ᠤᠯᠤᠰ ᠪᠢ ᠴᠢᠮ᠎ᠠ ᠳᠤ ᠬᠠᠶᠢᠷᠠᠲᠠᠶ︾ ᠭᠡᠵᠦ ᠪᠢᠴᠢᠵᠦ᠂ ᠢᠮᠦ ᠬᠡᠯᠪᠡᠷᠢ ᠪᠠᠷ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ  ᠪᠠᠶᠢᠨ᠎ᠠ᠃ 9 ᠴᠠᠭ ᠲᠤ᠂ ᠫᠤᠤ ᠶᠢᠨ ᠲᠠᠭᠤᠨ ᠯᠠ ᠰᠣᠨᠣᠰᠳᠠᠮᠠᠭᠴᠠ᠂ ᠢᠳᠡᠷᠡᠭᠦᠨ ᠠᠯᠬᠤᠭ᠎ᠠ ᠶᠢᠨ ᠡᠩᠨᠡᠭᠡ ᠶᠠᠭ ᠯᠠ ᠨᠢᠭᠡᠨ ᠤᠷᠲᠤ ᠯᠤᠤ ᠮᠡᠲᠦ ᠵᠠᠮ ᠱᠤᠭᠤᠮ ᠲᠣᠭᠲᠠᠭᠠᠬᠤ ᠶᠣᠰᠣᠭᠠᠷ ᠤᠷᠤᠭᠰᠢᠯᠠᠵᠤ᠂ ᠣᠯᠠᠨ ᠢᠶᠠᠷ ᠢᠶᠠᠨ ᠴᠥᠮ ᠴᠤᠭ ᠵᠢᠪᠬᠤᠭ᠎ᠠ ᠪᠠᠳᠠᠷᠠᠩᠭᠤᠶ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠭᠵᠢᠮ ᠤᠨ ᠳᠤᠮᠳᠠ ᠢᠳᠡᠷᠡᠭᠦᠨ ᠠᠯᠬᠤᠭ᠎ᠠ ᠪᠠᠷ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠣᠶ ᠪᠣᠯᠭᠠᠪᠠ᠃    ᠢᠳᠡᠷᠡᠭᠦᠨ ᠠᠯᠬᠤᠭ᠎ᠠ ᠪᠠᠷ ᠠᠯᠬᠤᠬᠤ ᠬᠥᠳᠡᠯᠭᠡᠭᠡᠨ ᠨᠢ ᠡᠷᠡᠭᠦᠯ ᠰᠠᠷᠠᠭᠤᠯ ᠠᠮᠢᠳᠤᠷᠠᠯ᠂ ᠡᠷᠡᠭᠦᠯ ᠮᠡᠨᠳᠦ ᠶᠢᠨ ᠬᠥᠳᠡᠯᠭᠡᠭᠡᠨ ᠤ ᠣᠶᠢᠯᠠᠭᠠᠭᠳᠠᠬᠤᠨ ᠢ ᠤᠯᠠᠨ ᠳᠤ ᠤᠯᠠᠮᠵᠢᠯᠠᠨ᠎ᠠ᠂ ᠤᠯᠠᠨ ᠢᠶᠠᠷ ᠢᠶᠠᠨ᠂ ᠬᠤᠶᠢᠰᠢᠳᠠ ᠲᠤᠰ ᠪᠡᠶ᠎ᠡ ᠶᠢᠨ ᠬᠡᠪ ᠪᠣᠯᠪᠠᠰᠤᠷᠠᠯ ᠪᠣᠯᠤᠨ ᠡᠷᠡᠭᠦᠯ ᠮᠡᠨᠳᠦ ᠶᠢᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠡᠷᠡᠭᠦᠯ ᠴᠢᠭᠢᠷᠠᠭ ᠪᠡᠶ᠎ᠡ ᠮᠠᠬᠠᠪᠣᠳ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠡ ᠤᠯᠤᠰ ᠤᠨ ᠢᠶᠠᠨ 72 ᠨᠠᠰᠤᠨ ᠤ ᠤᠢ ᠳᠤ ᠪᠡᠯᠡᠭ ᠬᠦᠷᠭᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号