ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠭ᠎ᠠ ᠶᠢᠨ ᠦᠬᠠᠢ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠢ ᠰᠡᠳᠦᠪᠲᠦ ᠬᠤᠷᠠᠯ ᠬᠤᠷᠠᠯᠳᠤᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠤᠳᠠᠭ᠎ᠠ ᠶᠢᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠤᠬᠠᠭᠤᠯᠤᠨ | ᠲᠠᠶᠢᠯᠪᠤᠷᠢᠯᠠᠬᠤ ᠶᠢᠨ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠤᠷᠤᠯᠴᠠᠨ ᠲᠤᠭᠤᠰᠢᠯᠠᠭᠤᠯᠵᠤ | ᠨᠠᠶᠢᠳᠠᠪᠤᠷᠢᠵᠢᠭᠤᠯᠬᠤ ᠠᠵᠢᠯ ᠳᠤ ᠱᠠᠭᠠᠷᠳᠠᠯᠭ᠎ᠠ ᠳᠤᠷᠠᠳᠪᠠ᠃ | | | | ᠬᠤᠷᠠᠯ ᠠᠴᠠ᠂ ᠦᠬᠠᠢ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ | ᠪᠣᠯᠤᠨ᠎ᠠ᠂ ᠨᠢᠭᠡ ᠤᠳᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠬᠤᠷᠠᠯ ᠪᠣᠯᠤᠨ᠎ᠠ᠂ ᠶᠡᠭᠡ ᠬᠤᠷᠠᠯ ᠠᠴᠠ ᠲᠣᠭᠲᠠᠭᠠᠭᠰᠠᠨ ︽ | ᠨᠢᠭᠡ ᠵᠢᠷᠤᠮᠯᠠᠯ ᠢ ᠪᠠᠷᠢᠮᠲᠠᠯᠠᠬᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠡᠭᠦᠷᠭᠡ ᠶᠢ | ᠠᠬᠢᠭᠤᠯᠬᠤ᠂ ︿ᠭᠤᠷᠪᠠᠨ ᠥᠨᠳᠥᠷ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠪᠣᠯ | ᠬᠤᠶᠢᠰᠢᠳᠠ ᠶᠢᠨ ᠲᠠᠪᠤᠨ ᠵᠢᠯ ᠤᠨ ᠦᠬᠠᠢ ᠶᠢᠨ ᠬᠥᠭᠵᠢᠯᠲᠡ ᠶᠢᠨ ᠠᠵᠢᠯᠯᠠᠭᠠᠨ ᠤ ᠬᠥᠲᠥᠯᠪᠦᠷᠢ ᠪᠣᠯᠤᠨ᠎ᠠ︔ ᠪᠦᠬᠦ | ᠨᠠᠮ ᠤᠨ ᠭᠡᠰᠢᠭᠦᠨ ᠺᠠᠳ᠋ᠷ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠦᠬᠠᠢ ᠬᠤᠳᠠ ᠶᠢᠨ | ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠨ ᠰᠠᠶᠢᠲᠤᠷ ᠣᠶᠢᠯᠠᠭᠠᠵᠤ ᠰᠠᠶᠢᠲᠤᠷ ᠤᠬᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ | ᠳᠡᠭᠡᠷ᠎ᠡ ᠦᠨᠡᠨ ᠬᠦ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠨ | ᠪᠣᠳᠠᠲᠠᠢ ᠠᠵᠢᠯᠯᠠᠵᠤ᠂ ᠦᠬᠠᠢ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠨᠠᠷ ᠰᠠᠶᠢᠲᠠᠢ ᠠᠮᠢᠳᠤᠷᠠᠯ ᠤᠨ | ᠥᠨᠳᠥᠷ ᠪᠦᠲᠦᠮᠵᠢᠲᠡᠢ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠢᠳᠡᠪᠬᠢᠲᠡᠢ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠰᠤᠷᠤᠯᠴᠠᠵᠤ ᠤᠬᠠᠭᠤᠯᠬᠤ ᠲᠠᠯ᠎ᠠ ᠪᠠᠷ ᠬᠤᠰᠢᠭᠤᠴᠢ ᠪᠣᠯᠬᠤ ᠪᠠᠷ ᠴᠢᠷᠮᠠᠶᠢᠵᠤ᠂ ᠦᠯᠢᠭᠡᠷ ᠳᠠᠭᠤᠷᠢᠶᠠᠯ | ᠪᠤᠯᠵᠤ᠂ ᠬᠤᠳᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ | ᠂ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠢ ᠲᠠᠢ | ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠳᠤᠮᠳᠠ ᠭᠦᠨᠵᠡᠭᠡᠶᠢᠷᠡᠨ ᠬᠤᠳᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ | ᠡᠷᠬᠡᠪᠰᠢ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ | ᠲᠥᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠷᠢᠨ ᠬᠢᠨᠠᠮᠠᠭᠠᠢ | ᠲᠥᠰᠦᠪᠯᠡᠨ ᠪᠠᠶᠢᠷᠢᠯᠠᠭᠤᠯᠵᠤ᠂ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠰᠠᠨ | ᠠᠵᠢᠯ ᠤᠨ ᠬᠠᠷᠠᠯᠲᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠲᠠᠯᠪᠢᠬᠤ ᠠᠵᠢᠯ ᠢ ᠴᠢᠨᠠᠷ ᠰᠠᠶᠢᠲᠠᠢ ᠥᠷᠨᠢᠭᠦᠯᠵᠦ᠂ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠪᠵᠢᠭᠦᠯᠦᠭᠰᠡᠨ ᠬᠥᠬᠡ ᠲᠥᠰᠦᠪ ᠬᠠᠶᠢᠷᠤᠪ ᠤᠨ ᠲᠣᠬᠤᠢ ᠲᠣᠭᠤᠷᠢᠭ ᠲᠤ ᠦᠨᠳᠦᠰᠦ ᠬᠠᠳᠬᠤᠨ | ᠰᠣᠶᠣᠭᠠᠯᠠᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃ | |