10 ᠰᠠᠷ᠎ᠠ ᠶᠢᠨ 11 ᠤ ᠦᠳᠡ ᠶᠢᠨ ᠡᠮᠦᠨ᠎ᠡ᠂ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ | ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠡᠬᠦ ᠪᠠᠷ ᠭᠤᠣᠯ ᠰᠡᠳᠦᠪ | ᠪᠣᠯᠭᠠᠭᠰᠠᠨ ᠦᠬᠠᠢ ᠬᠤᠳᠠ ᠶᠢᠨ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠲᠤ | ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ | ᠴᠠᠭᠠᠵᠠ ᠶᠢᠨ ᠲᠤᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠡᠪᠯᠡᠯ ᠤᠨ ᠬᠤᠷᠢᠶ᠎ᠠ᠂ ᠬᠠᠶᠢᠷᠤᠪ ᠤᠨ ᠲᠤᠬᠤᠢ | ᠲᠣᠭᠤᠷᠢᠭ ᠤᠨ ᠮᠥᠩᠭᠦᠨ ᠭᠦᠢᠯᠭᠡᠭᠡᠨ ᠤ ᠰᠢᠰᠲ᠋ᠧᠮ ᠤᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢᠳ ᠨᠡᠶᠢᠳᠡ | 50 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠶᠡᠭᠡ ᠬᠡᠮᠵᠢᠶᠡᠨ ᠤ ᠤᠬᠠᠭᠤᠯᠭ᠎ᠠ ᠶᠢᠨ ᠦᠵᠡᠭᠦᠯᠭᠡ ᠶᠢᠨ ᠣᠷᠣ | ᠲᠣᠬᠢᠷᠠᠭᠤᠯᠵᠤ᠂ ᠰᠠᠶᠢᠨ ᠲᠤᠷᠠᠴᠤᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠠᠨᠳᠤᠭᠤᠯᠤᠨ ᠰᠦᠯᠵᠢᠶᠡᠨ ᠤ | ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠴᠢᠬᠤᠯᠠ | ᠴᠢᠨᠠᠷ ᠵᠢᠴᠢ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠬᠡᠷᠬᠢᠨ ᠬᠥᠮᠦᠵᠢᠭᠦᠯᠬᠦ ᠵᠡᠷᠭᠡ ᠠᠭᠤᠯᠭ᠎ᠠ ᠶᠢ ᠨᠠᠷᠢᠨ | ᠲᠠᠶᠢᠯᠪᠤᠷᠢᠯᠠᠭᠰᠠᠨ ᠪᠥᠭᠡᠳ ᠰᠠᠭᠤᠭᠠᠯᠢ ᠠᠷᠠᠳ ᠲᠤ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ | ᠢᠳᠡᠪᠬᠢᠲᠡᠶ ᠳᠡᠯᠭᠡᠷᠡᠭᠦᠯᠪᠡ᠃ | ᠣᠶᠢᠯᠠᠭᠠᠭᠰᠠᠨ ᠢᠶᠠᠷ᠂ ᠤᠬᠠᠭᠤᠯᠭ᠎ᠠ ᠶᠢᠨ ᠭᠠᠷᠠᠭ ᠤᠨ ᠬᠤᠭᠤᠴᠠᠭ᠎ᠠ ᠳᠤ᠂ ᠬᠠᠶᠢᠷᠤᠪ ᠤᠨ ᠲᠣᠬᠤᠢ ᠲᠣᠭᠤᠷᠢᠭ | ᠰᠤᠷᠭᠠᠭᠤᠯᠢ ᠶᠢᠨ ᠬᠦᠷᠢᠶᠡᠨ ᠤ ᠡᠳᠤᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ | ᠮᠥᠩᠭᠦᠨ ᠭᠦᠢᠯᠭᠡᠭᠡᠨ ᠤ ᠡᠳᠦᠷ᠂ ᠵᠠᠯᠠᠭᠤ ᠪᠠᠭᠠᠴᠤᠤᠯ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠡᠳᠦᠷ ᠵᠡᠷᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢ ᠡᠬᠢᠯᠡᠭᠦᠯᠬᠦ ᠪᠠᠷ ᠪᠠᠶᠢᠨ᠎ᠠ᠂ | ᠦᠵᠡᠰᠬᠦᠯᠡᠩ ᠢᠶᠠᠷ ᠳᠠᠮᠵᠢᠬᠤ᠂ ᠮᠡᠳᠡᠯᠭᠡ ᠶᠢᠨ ᠤᠷᠤᠯᠳᠤᠭᠠᠨ᠂ ᠨᠡᠶᠢᠲᠡ ᠶᠢᠨ ᠠᠰᠠᠷᠠᠮᠵᠢ ᠶᠢᠨ ᠵᠠᠷ ᠵᠡᠷᠭᠡ ᠣᠯᠠᠨ | ᠵᠤᠶᠢᠯ ᠤᠨ ᠬᠡᠯᠪᠡᠷᠢ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠬᠠᠮᠲᠤ ᠪᠠᠷ ᠬᠦᠴᠦᠯᠡᠵᠦ | ᠪᠠᠶᠢᠨ᠎ᠠ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠭᠦᠢᠴᠡᠤᠡ ᠤᠶᠠᠯᠳᠤᠭᠤᠯᠬᠤ᠂ ᠰᠦᠯᠵᠢᠶᠡᠨ ᠤ | ᠠᠮᠤᠷ ᠲᠦᠪᠰᠢᠨ ᠤ ᠬᠠᠤᠯᠢ ᠶᠢ ᠶᠡᠭᠡ ᠪᠠᠷ ᠤᠬᠠᠭᠤᠯᠤᠨ ᠲᠤᠭᠤᠰᠢᠯᠠᠭᠤᠯᠤᠨ᠎ᠠ᠂ ᠰᠦᠯᠵᠢᠶᠡᠨ ᠤ ᠠᠮᠤᠷ ᠲᠦᠪᠰᠢᠨ ᠤ | ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠤᠨ᠎ᠠ᠂ ᠪᠦᠬᠦ ᠠᠷᠠᠳ ᠢ | ᠪᠦᠲᠦᠮᠵᠢᠲᠡᠶ ᠳᠠᠶᠢᠴᠢᠯᠠᠵᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ | ᠥᠷᠭᠡᠨ ᠢᠶᠠᠷ ᠣᠷᠣᠯᠴᠠᠭᠤᠯᠬᠤ ᠬᠡᠷᠡᠭᠲᠡᠶ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ | ᠬᠠᠮᠠᠭᠠᠯᠠᠯᠲᠠ ᠶᠢ ᠠᠬᠢᠭᠤᠯᠤᠨ᠎ᠠ᠂ ᠲᠣᠮᠣ ᠳ᠋ᠠᠶᠢᠲ᠋ᠠ ᠶᠢᠨ ᠬᠠᠮᠠᠭᠠᠯᠠᠯᠲᠠ᠂ ᠬᠤᠪᠢ ᠬᠥᠮᠦᠨ ᠤ ᠮᠡᠳᠡᠭᠡ ᠵᠠᠩᠭᠢ ᠶᠢᠨ | ᠬᠠᠮᠠᠭᠠᠯᠠᠯᠲᠠ ᠵᠡᠷᠭᠡ ᠠᠵᠢᠯ᠂ ᠰᠦᠯᠵᠢᠶᠡᠨ ᠤ ᠠᠮᠤᠷ ᠲᠦᠪᠰᠢᠨ ᠤ ᠵᠥᠪ ᠦᠵᠡᠯᠲᠡ ᠶᠢ ᠴᠢᠩᠭᠠᠳᠬᠠᠨ᠎ᠠ᠂ | ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠂ ᠴᠡᠪᠡᠷ ᠰᠠᠶᠢᠬᠠᠨ | ᠰᠦᠯᠵᠢᠶᠡᠨ ᠤ ᠣᠷᠣᠨ ᠵᠠᠶ ᠶᠢ ᠪᠤᠢ ᠪᠣᠯᠭᠠᠨ᠎ᠠ᠂ ᠰᠦᠯᠵᠢᠶᠡᠨ ᠤ ᠠᠮᠤᠷ ᠲᠦᠪᠰᠢᠨ ᠢ ᠲᠦᠭ ᠲᠦᠮᠡᠨ ᠠᠶᠢᠯ | ᠡᠷᠦᠬᠡ ᠳᠤ ᠣᠷᠣᠭᠤᠯᠤᠨ᠎ᠠ᠃ | ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ ᠡᠷᠬᠢᠯᠡᠬᠦ ᠪᠣᠯ ᠥᠷᠭᠡᠨ ᠤᠯᠠᠨ | ᠲᠦᠮᠡᠨ ᠤ ᠰᠦᠯᠵᠢᠶᠡᠨ ᠤ ᠠᠮᠤᠷ ᠲᠦᠪᠰᠢᠨ ᠤ ᠠᠰᠢᠭ ᠲᠤᠰᠠ ᠶᠢ ᠬᠠᠮᠠᠭᠠᠯᠠᠬᠤ᠂ ᠠᠮᠤᠷ ᠲᠦᠪᠰᠢᠨ᠂ ᠡᠷᠡᠭᠦᠯ | ᠰᠠᠷᠠᠭᠤᠯ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠂ | ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠰᠠᠶᠢᠨ ᠰᠠᠶᠢᠬᠠᠨ ᠰᠦᠯᠵᠢᠶᠡᠨ ᠤ ᠡᠮᠬᠢ ᠳᠢᠭᠯᠢᠮ ᠪᠣᠯᠤᠨ ᠠᠷᠠᠳ | ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠬᠡᠯᠪᠡᠷᠢ ᠶᠢ ᠲᠠᠰᠤᠷᠠᠯᠳᠠ ᠦᠭᠡᠢ ᠰᠢᠨᠡᠴᠢᠯᠡᠵᠦ᠂ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠪᠠᠶᠢᠡᠭᠭᠤᠵᠢᠬᠰᠡᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠠᠮᠤᠷ ᠲᠦᠪᠰᠢᠨ᠂ ᠡᠷᠡᠭᠦᠯ᠂ ᠪᠣᠯᠪᠠᠰᠤᠨ᠂ ᠭᠤᠶᠢᠳᠠ | ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ | |