ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠲᠠ ᠎ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2021/10/12
     9 ᠰᠠᠷ᠎ᠠ ᠶᠢᠨ 28᠎ ᠤ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠶ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠬᠢᠨᠠᠨ ᠪᠠᠶᠢᠴᠠᠭᠠᠬᠤ ᠵᠥᠪᠯᠡᠯ ᠤᠨ 81 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ  ᠭᠧ ᠳ᠋ᠦᠩ ᠮᠧᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃     ᠬᠤᠷᠠᠯ ᠠᠴᠠ᠂ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠤᠭᠤᠰᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ︽ᠰᠣᠯᠢᠯᠴᠠᠭ᠎ᠠ + ᠰᠤᠳᠤᠯᠤᠨ ᠶᠠᠷᠢᠯᠴᠠᠬᠤ︾᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠵᠡᠷᠭᠡ ᠬᠡᠯᠪᠡᠷᠢ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠶᠢ ᠣᠯᠠᠨ ᠬᠠᠷᠠᠭᠠᠰᠤ᠂ ᠪᠦᠬᠦ ᠲᠠᠯ᠎ᠠ ᠪᠠᠷ ᠥᠷᠨᠢᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠪᠦᠬᠦ ᠲᠤᠭᠤᠷᠢᠭ ᠤᠨ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠭᠠᠷᠳᠠᠬᠤ ᠴᠡᠭ ᠢᠶᠠᠨ ᠣᠨᠣᠪᠴᠢᠲᠠᠢ ᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠤᠰᠢᠭᠤᠴᠢ ᠪᠠ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠠᠢ᠃     ᠬᠤᠷᠠᠯ ᠠᠴᠠ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠲᠤᠳᠤᠮ ᠤᠨ ᠬᠢᠨᠠᠯᠲᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾᠎ ᠶᠢ ᠲᠤᠰᠬᠠᠢ ᠴᠡᠭᠴᠡᠯᠡᠨ ᠵᠠᠰᠠᠬᠤ ᠵᠡᠷᠭᠡ ᠶᠢ ᠤᠯᠤᠰ ᠲᠦᠷᠦ ᠶᠢᠨ ᠬᠢᠨᠠᠯᠲᠠ ᠲᠠᠯᠪᠢᠬᠤ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ᠲᠠᠯ᠎ᠠ ᠪᠠᠷ ᠡᠷᠡᠰ ᠪᠥᠭᠡᠳ ᠯᠠᠪᠳᠠᠭᠤᠨ ᠲᠣᠭᠲᠠᠭᠤᠨ᠂ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠵᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠨ᠂ ᠤᠯᠠᠨ ᠲᠦᠮᠡᠨ ᠤ ᠲᠤᠰᠬᠠᠯ ᠶᠡᠬᠡᠲᠡᠢ ᠰᠤᠷᠲᠠᠯ ᠤᠨ ᠲᠠᠯ᠎ᠠ ᠪᠠᠷ ᠬᠢ ᠠᠷᠬᠠᠭ ᠭᠡᠮ ᠢ ᠭᠦᠨᠵᠡᠭᠡᠢ ᠵᠠᠰᠠᠵᠤ᠂ ᠺᠠᠳ᠋ᠷᠴᠤᠳ ᠤᠨ ᠴᠤᠭ ᠰᠦᠯᠳᠡ ᠶᠢ ᠬᠥᠭᠵᠢᠭᠡᠬᠦ ᠬᠡᠷᠡᠭᠲᠡᠢ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠢᠶᠠᠨ ᠲᠥᠯᠥᠪᠵᠢᠭᠦᠯᠬᠦ ᠰᠡᠳᠬᠢᠴᠡ᠂ ᠠᠵᠢᠯ ᠢᠶᠠᠨ ᠠᠬᠢᠭᠤᠯᠬᠤ ᠠᠷᠭ᠎ᠠ ᠬᠡᠮᠵᠢᠶ᠎ᠡ ᠪᠣᠯᠤᠨ ᠠᠵᠢᠯ ᠢᠶᠠᠨ ᠨᠠᠶᠢᠳᠠᠪᠤᠷᠢᠵᠢᠭᠤᠯᠬᠤ ᠴᠢᠳᠠᠪᠤᠷᠢ ᠪᠣᠯᠭᠠᠨ ᠬᠤᠪᠢᠷᠠᠭᠤᠯᠵᠤ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾᠎ ᠪᠠᠷ ᠭᠠᠷᠳᠠᠴᠠ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠣᠯᠤᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭ᠎ᠠ ᠴᠢᠩᠭᠠᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号