ᠠᠷᠠᠳ ᠤᠨ ᠲᠥᠯᠥᠭᠡ ᠬᠠᠤᠯᠢ ᠬᠡᠷᠡᠭᠵᠢᠭᠦᠯᠵᠦ᠂ ᠺᠣᠳ᠋ ᠳᠡᠭᠡᠷ᠎ᠡ ᠬᠢᠨᠠᠯᠲᠠ ᠲᠠᠯᠪᠢᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/10/13
     ᠪᠦᠬᠦ ᠤᠯᠤᠰ ᠤᠨ ᠬᠡᠪᠴᠢᠶᠡᠨ ᠳᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠤᠯᠤᠰ ᠲᠦᠷᠦ ᠶᠢᠨ ᠲᠠᠯ᠎ᠠ ᠪᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠪᠠᠶᠢᠭᠤᠯᠵᠤ᠂ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︔ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠠᠩ ᠰᠠᠶᠢᠲᠤᠷ ᠬᠠᠷᠢᠭᠤᠯᠲᠠ ᠥᠭᠴᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ︔ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠰᠢᠨ᠎ᠡ ᠴᠠᠭ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠤᠡᠭᠡᠬᠦ  ᠶᠢ ᠠᠬᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠬᠢᠨᠠᠯᠲᠠ ᠲᠠᠯᠪᠢᠬᠤ ᠶᠢᠨ ᠳᠠᠬᠢᠨ ᠬᠢᠨᠠᠯᠲᠠ ᠲᠠᠯᠪᠢᠬᠤ︾ ᠤᠶᠢᠯᠡᠳᠤᠯ ᠢᠶᠠᠨ ᠦᠷᠭᠦᠯᠵᠢᠯᠡᠨ ᠪᠠᠳᠠᠷᠠᠭᠤᠯᠵᠤ᠂ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠺᠣᠳ᠋ ᠳᠡᠭᠡᠷ᠎ᠡ ᠬᠢᠨᠠᠯᠲᠠ ᠲᠠᠯᠪᠢᠬᠤ ︾ ᠬᠤᠶᠠᠷ ᠬᠡᠮᠵᠢᠯᠳᠦ ᠺᠣᠳ᠋ ᠲᠣᠬᠢᠷᠠᠭᠤᠯᠵᠤ᠂ ᠰᠦᠯᠵᠢᠶᠡᠨ ᠳᠡᠭᠡᠷ᠎ᠡ ᠨᠡᠶᠢᠲᠡᠯᠡᠬᠦ ᠪᠠ ᠰᠦᠯᠵᠢᠶᠡᠨ ᠭᠠᠳᠠᠨ᠎ᠠ ᠨᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠥᠬᠦ ᠠᠷᠠᠳ ᠤᠨ ︽ᠺᠣᠳ᠋︾᠎ ᠢ ᠠᠷᠢᠯᠭᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠳᠤ ᠬᠢᠨᠠᠯᠲᠠ ᠲᠠᠯᠪᠢᠬᠤ ᠶᠢ ᠰᠠᠨᠠᠭᠠᠴᠢᠯᠠᠵᠤ᠂ ᠴᠢᠩᠭ᠎ᠠ ᠬᠦᠴᠦᠲᠡᠶ ᠤᠯᠤᠰ ᠲᠥᠷᠥ ᠶᠢᠨ ᠬᠢᠨᠠᠯᠲᠠ ᠪᠠᠷ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ  ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号