ᠡᠨᠡ ᠵᠢᠯ ᠠᠴᠠ ᠨᠠᠭᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠤᠪᠴᠢᠶ᠎ᠠ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠬᠦ︾ ︽ | ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠪᠠᠷ ᠠᠵᠢᠯ ᠤᠨ ᠵᠣᠷᠢᠯᠲᠠ ᠪᠣᠯᠭᠠᠵᠤ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠢᠯ ᠤᠨ ᠬᠠᠷᠠᠯᠲᠠ | ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠥᠷᠨᠢᠭᠦᠯᠬᠦ ᠪᠠᠷ | ᠭᠠᠷᠤᠭ᠎ᠠ ᠪᠣᠯᠭᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠲᠡᠰ ᠳᠠᠷᠠᠭᠠᠯᠠᠯ ᠢ ᠰᠢᠯᠢᠳᠡᠭᠵᠢᠭᠦᠯᠬᠦ | ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠪᠠ᠃ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠤᠴᠠᠭᠠᠨ ᠥᠭᠬᠦ ᠲᠥᠷᠥ ᠶᠢᠨ ᠪᠣᠳᠣᠯᠭ᠎ᠠ ᠪᠣᠯ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠣᠯᠭᠤᠯᠲᠠ ᠶᠢᠨ ᠲᠣᠭᠲᠠᠭᠤᠨ ᠪᠠ | ᠨᠡᠶᠢᠭᠡᠮ ᠤᠨ ᠲᠣᠭᠲᠠᠭᠤᠨ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠬᠦ ᠶᠢᠨ ᠲᠥᠯᠥᠭᠡ᠂ ᠠᠵᠤ ᠠᠬᠤᠶᠢᠯᠠᠯ ᠢ ︽ᠨᠢᠭᠡ ᠴᠦ ᠭᠦᠶᠦᠯᠭᠡᠬᠦ | ᠦᠭᠡᠢ︾ ᠪᠠᠶᠢᠬᠤ ᠶᠢ ᠪᠡᠶᠡᠯᠡᠭᠦᠯᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠪᠴᠢᠶ᠎ᠠ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢ | ᠳᠠᠮᠵᠢᠭᠤᠯᠤᠨ ᠲᠠᠷᠬᠠᠭᠠᠬᠤ ᠲᠤᠬᠠᠢ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 5 | ᠶᠠᠮᠤᠨ ᠬᠤᠷᠢᠶ᠎ᠠ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠯᠲᠠ ᠶᠢ ᠥᠷᠭᠡᠳᠬᠡᠬᠦ ᠬᠡᠰᠡᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠬᠦ | ᠲᠤᠬᠠᠶ ᠮᠡᠳᠡᠭᠳᠡᠯ︾ ᠳᠤ ᠱᠠᠭᠠᠷᠳᠠᠭᠰᠠᠨ ᠶᠠᠪᠤᠴᠠ ᠳᠤ᠂ ︽ᠬᠠᠶᠢᠷᠤᠪ ᠤᠨ ᠲᠣᠬᠤᠢ ᠲᠣᠭᠤᠷᠢᠭ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠠᠭᠤᠯᠭ᠎ᠠ ᠶᠢ ᠨᠡᠶᠢᠲᠡᠯᠡᠪᠡ᠂ ᠸᠢᠴᠠᠲ ᠤᠨ | ᠰᠦᠷᠦᠭ ᠢᠶᠠᠷ ᠳᠠᠮᠵᠢᠬᠤ᠂ QQ ᠰᠦᠷᠦᠭ᠂ ᠤᠲᠠᠰᠤ ᠪᠠᠷ ᠨᠡᠪᠲᠡᠷᠡᠯᠴᠡᠬᠦ ᠵᠡᠷᠭᠡ ᠣᠯᠠᠨ ᠵᠤᠶᠢᠯ ᠤᠨ ᠠᠷᠭ᠎ᠠ | ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠪᠤᠴᠠᠭᠠᠬᠤ ᠲᠥᠷᠥ ᠶᠢᠨ ᠪᠣᠳᠣᠯᠭ᠎ᠠ ᠶᠢ ᠭᠥᠷᠳᠡᠬᠦ ᠲᠤᠬᠠᠶ ᠬᠦᠷᠢᠶ᠎ᠡ ᠬᠡᠪᠴᠢᠶ᠎ᠡ ᠪᠠ ᠨᠥᠬᠦᠴᠡᠯ ᠢ ᠨᠠᠷᠢᠨ | ᠣᠨᠣᠪᠴᠢᠲᠠᠶ ᠪᠠᠷ ᠬᠦᠷᠭᠡᠨ᠎ᠡ᠃ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠤᠪᠴᠢᠶ᠎ᠠ ᠠᠵᠤ ᠠᠬᠤᠶᠢᠯᠠᠯ ᠢ ᠬᠠᠪᠰᠤᠷᠤᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠶᠢᠷᠢ ᠶᠢᠨ | ᠨᠥᠬᠦᠪᠥᠷᠢ ᠶᠢ ᠭᠤᠶᠤᠴᠢᠯᠠᠨ ᠮᠡᠳᠡᠭᠦᠯᠬᠦ ᠶᠠᠪᠤᠴᠠ ᠶᠢ ᠳᠥᠭᠦᠮᠴᠢᠯᠡᠵᠦ᠂ ᠪᠦᠬᠦ ᠲᠠᠯ᠎ᠠ ᠪᠠᠷ ᠰᠦᠯᠵᠢᠶᠡᠨ ᠳᠡᠭᠡᠷ᠎ᠡ | ᠬᠦᠯᠢᠶᠠᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ︽ᠦᠯᠦ ᠭᠦᠶᠦᠯᠭᠡᠬᠦ︾ ᠠᠵᠢᠯ ᠤᠨ | ᠱᠠᠭᠠᠷᠳᠠᠯᠭ᠎ᠠ ᠶᠢ ᠦᠨᠡᠨ ᠬᠦ ᠪᠡᠶᠡᠯᠡᠭᠦᠯᠪᠡ᠃ | ᠡᠨᠡ ᠵᠢᠯ ᠤᠨ 8 ᠰᠠᠷ᠎ᠠ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯ | ᠣᠯᠭᠤᠯᠲᠠ ᠶᠢᠨ ᠤᠶᠢᠯᠡᠴᠢᠯᠡᠭᠡᠨ ᠤ ᠲᠣᠪᠴᠢᠶ᠎ᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ | ᠯᠠᠪᠳᠠᠭᠤᠨ ᠢᠶᠠᠷ ᠠᠬᠢᠭᠤᠯᠵᠤ᠂ ᠡᠯ᠎ᠡ ᠵᠤᠶᠢᠯ ᠤᠨ ᠠᠵᠢᠯ ᠤᠨ ᠠᠬᠢᠴᠠ ᠤᠷᠤᠭᠰᠢᠲᠠᠶ ᠪᠠᠶᠢᠵᠤ᠂ 10 ᠰᠠᠷ᠎ᠠ ᠶᠢᠨ | ᠡᠬᠢ ᠪᠣᠯᠲᠠᠯ᠎ᠠ᠂ ᠨᠢᠭᠡᠨᠲᠡ 356 ︽ᠭᠤᠶᠤᠴᠢᠯᠠᠬᠤ ᠶᠢ ᠬᠡᠯᠲᠦᠷᠢᠭᠦᠯᠵᠦ ᠰᠢᠭᠤᠳ ᠪᠤᠴᠠᠬᠤ︾ ᠠᠵᠤ | ᠠᠬᠤᠶᠢᠯᠠᠯ ᠳᠤ 36 . 89 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ 2250 ᠠᠵᠢᠯ ᠤᠨ | ᠪᠠᠶᠢᠷᠢ ᠳᠤ ᠬᠤᠯᠪᠣᠭᠳᠠᠵᠠᠶ᠃ 30 ᠬᠥᠮᠦᠨ ᠠᠴᠠ ᠳᠡᠭᠡᠭᠰᠢᠬᠢ ᠠᠵᠤ ᠠᠬᠤᠶᠢᠯᠠᠯ ︵ᠮᠡᠳᠡᠭᠦᠯᠦᠭᠰᠡᠨ ᠠᠵᠤ | ᠠᠬᠤᠶᠢᠯᠠᠯ 23︶ ᠤᠨ ᠨᠥᠬᠦᠪᠥᠷᠢ ᠪᠠᠯᠠ ᠮᠥᠩᠭᠦ 61.57 ᠲᠦᠮᠡᠨ ᠲᠥᠭᠦᠷᠢᠭ ᠪᠠᠶᠢᠵᠤ᠂ 3643 ᠠᠵᠢᠯ ᠤᠨ | ᠪᠠᠶᠢᠷᠢ ᠳᠤ ᠬᠤᠯᠪᠣᠭᠳᠠᠵᠠᠶ᠃ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ 30 ᠬᠥᠮᠦᠨ ᠠᠴᠠ | ᠳᠣᠷᠣᠭᠰᠢ ᠪᠠᠶᠢᠬᠤ ᠠᠵᠤ ᠠᠬᠤᠶᠢᠯᠠᠯ ᠳᠤ ᠴᠢᠭᠯᠡᠭᠦᠯᠦᠨ᠂ ︽ᠭᠤᠶᠤᠴᠢᠯᠠᠬᠤ ᠠᠴᠠ ᠭᠡᠯᠳᠦᠷᠢᠭᠦᠯᠵᠦ ᠰᠢᠭᠤᠳ | ᠪᠤᠴᠠᠭᠠᠬᠤ︾ ᠶᠢ ᠠᠩᠬ᠎ᠠ ᠤᠳᠠᠭ᠎ᠠ ᠪᠡᠶᠡᠯᠡᠭᠦᠯᠪᠡ᠃ |