ᠲᠠᠩ ᠢ ᠵᠢᠶᠠᠩᠰᠦ ᠶᠢᠨ ᠶᠠᠩ ᠭᠤᠸᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 11᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠵᠢᠶᠠᠩᠰᠦ ᠶᠢᠨ ᠶᠠᠩ ᠭᠤᠸᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠯᠢ ᠹᠧᠨ ᠨᠡᠷ ᠲᠠᠢ ᠠᠭᠤᠯᠵᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠪᠠ ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠨ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠠᠭᠤᠯᠵᠠᠯᠲᠠ ᠳᠤ ᠣᠷᠣᠯᠴᠠᠪᠠ᠃      ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠴᠧᠨ ᠯᠢ ᠹᠧᠨ ᠨᠠᠷ ᠤᠨ ᠮᠠᠨ ᠤ ᠬᠤᠳᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ ᠦᠬᠠᠢ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ︽ᠬᠤᠤᠰ ᠨᠡᠭᠦᠷᠡᠰᠦᠲᠥ᠋ᠷᠥᠭᠴᠢ︾ ︽ᠬᠤᠶᠠᠷ ᠢ ᠡᠵᠡᠮᠳᠡᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠰᠦᠪᠡᠭᠴᠢᠯᠡᠨ ᠰᠠᠶᠢᠲᠤᠷ ᠵᠠᠮᠨᠠᠵᠤ᠂ ᠠᠵᠤ ᠦᠢᠯᠡᠰ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠪᠠᠶᠢᠨ᠎ᠠ᠃ ᠵᠢᠶᠠᠩᠰᠦ ᠶᠢᠨ ᠶᠠᠩ ᠭᠤᠸᠠᠩ ᠪᠦᠯᠦᠭᠯᠡᠯ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠨᠡᠯᠢᠶᠡᠳ ᠪᠦᠷᠢᠨ᠂ ᠮᠡᠷᠭᠡᠵᠢᠯ ᠤᠨ ᠰᠤᠳᠤᠯᠤᠨ ᠨᠡᠭᠡᠭᠡᠬᠦ ᠲᠤᠷᠰᠢᠯᠭ᠎ᠠ ᠪᠠᠶᠠᠯᠢᠭ ᠵᠡᠷᠭᠡ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠮᠠᠨ ᠤ ᠬᠤᠲᠠ ᠯᠤᠭ᠎ᠠ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠠᠯ᠎ᠠ ᠪᠠᠷ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠦᠬᠠᠶ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠰᠢᠯᠢᠳᠡᠭ ᠦᠢᠯᠡᠴᠢᠯᠡᠭᠡ ᠪᠣᠯᠤᠨ ᠪᠠᠲᠤᠯᠠᠭ᠎ᠠ ᠬᠠᠩᠭᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠠᠬᠢᠭᠤᠯᠬᠤ ᠪᠣᠯᠤᠨ᠎ᠠ ᠬᠡᠵᠡᠢ᠃       ᠴᠧᠨ ᠯᠢ ᠹᠧᠨ ᠢᠯᠡᠷᠭᠡᠶᠢᠯᠡᠭᠰᠡᠨ ᠨᠢ᠂ ᠦᠬᠠᠢ ᠶᠢᠨ ᠠᠵᠤ ᠦᠢᠯᠡᠰ ᠤᠨ ᠰᠠᠭᠤᠷᠢ ᠵᠤᠵᠠᠭᠠᠨ᠂ ᠡᠬᠢ ᠪᠠᠶᠠᠯᠢᠭ ᠤᠨ ᠳᠠᠪᠠᠭᠤᠯᠢᠭ ᠢᠯᠡᠷᠬᠡᠢ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠰᠠᠶᠢᠨ ᠪᠠᠶᠢᠵᠤ᠂ ᠯᠤᠲᠤ ᠶᠡᠭᠡ ᠬᠥᠭᠵᠢᠯᠲᠡ ᠶᠢᠨ ᠣᠷᠣᠨ ᠵᠠᠢ ᠪᠠ ᠠᠵᠠ ᠲᠣᠬᠢᠶᠠᠯ ᠠᠭᠤᠯᠤᠭᠳᠠᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠤᠰᠬᠠᠬᠤ ᠳᠤ ᠥᠷᠭᠡᠨ ᠠᠭᠤᠳᠠᠮ ᠲᠠᠪᠴᠠᠩ ᠬᠠᠩᠭᠠᠵᠠᠢ᠃ ᠵᠢᠶᠠᠩᠰᠦ ᠶᠢᠨ ᠶᠠᠩ ᠭᠤᠸᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠡᠭᠢᠯᠡᠯᠳᠡ ᠶᠢᠨ ᠬᠤᠭᠤᠴᠠᠭ᠎ᠠ ᠪᠠ ᠠᠵᠠ ᠲᠣᠬᠢᠶᠠᠯᠳᠤ ᠬᠤᠭᠤᠴᠠᠭ᠎ᠠ ᠶᠢ ᠠᠮᠵᠢᠨ ᠠᠳᠬᠤᠵᠤ᠂ ᠲᠣᠰ ᠪᠡᠶ᠎ᠡ ᠶᠢᠨ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠦᠬᠠᠶ ᠶᠢᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠪᠠᠷ ᠠᠭᠤᠰᠤᠯᠴᠠᠨ᠂ ᠦᠬᠠᠶ ᠬᠤᠲᠠ ᠵᠢᠴᠢ ᠬᠤᠯᠪᠤᠭᠳᠠᠯ ᠪᠥᠬᠦᠶ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠷᠲᠠᠨ ᠣᠷᠣᠬᠤ ᠭᠠᠵᠠᠷ ᠪᠠ ᠬᠦᠴᠦᠯᠡᠬᠦ‍ ᠴᠢᠭ ᠢᠶᠠᠨ ᠣᠨᠣᠪᠴᠢᠲᠠᠶ ᠡᠷᠢᠨ ᠣᠯᠵᠤ᠂ ᠣᠯᠠᠨ ᠬᠦᠷᠢᠶ᠎ᠡ ᠴᠠᠷᠠᠭ᠎ᠠ᠂ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠵᠤ᠂ ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号