ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠭᠢᠭᠤᠯᠬᠤ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠵᠢᠴᠢ ᠬᠠᠤᠯᠢᠵᠢᠯ ᠤᠨ ᠪᠠᠶᠢᠭᠤᠯᠤᠯᠳᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/10/14
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠤᠨ ᠵᠢᠷᠭᠤᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠭᠢᠭᠤᠯᠬᠤ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠵᠢᠴᠢ ᠬᠠᠤᠯᠢᠵᠢᠯ ᠤᠨ ᠪᠠᠶᠢᠭᠤᠯᠤᠯᠳᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃      10 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠦᠸᠧ ᠬᠤ᠋ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠷᠢᠭᠤ ᠮᠡᠳᠡᠭᠦᠯᠦᠯᠲᠡ ᠬᠢᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ᠂ ᠯᠢ ᠳ᠋ᠦᠩ᠂ ᠮᠧᠩ ᠫᠸᠢ ᠶᠦᠨ᠂ ᠯᠢ ᠴᠦᠨ ᠰᠢᠶᠤᠤ ᠂ ᠮᠤᠤ ᠵᠧᠨ ᠬᠠᠶ ᠵᠢᠴᠢ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃      ᠯᠦᠸᠧ ᠬᠤ᠋ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠡᠨᠡ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠬᠤ ᠶᠢ ᠲᠦᠯᠬᠢᠨ ᠠᠬᠢᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠦᠨᠡᠨ ᠬᠦ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠵᠣᠬᠢᠴᠠᠩᠭᠤᠶ ᠪᠠᠷ ᠲᠦᠯᠬᠢᠨ ᠠᠬᠢᠭᠤᠯᠵᠤ᠂ ᠨᠢᠭᠡ ᠴᠤᠭᠴᠠᠵᠢᠭᠤᠯᠤᠨ ᠪᠦᠳᠦᠭᠡᠨ ᠪᠠᠶᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠤᠨ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ᠰᠢᠮᠳᠠᠭᠤᠯᠤᠨ ᠪᠠᠶᠢᠴᠠᠭᠠᠬᠤ ᠠᠵᠢᠯ ᠨᠢ ᠭᠤᠣᠯᠳᠠᠭᠤ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠬᠠᠤᠯᠢᠵᠢᠯ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠰᠬᠠᠢ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠦᠨᠳᠦᠰᠦᠨ ᠱᠠᠲᠤᠨ ᠳᠤ ᠬᠦᠷᠬᠦ᠂ ᠬᠡᠷᠡᠭ ᠤᠨ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠰᠢᠮᠳᠠᠭᠤᠯᠤᠨ ᠪᠠᠶᠢᠴᠠᠭᠠᠵᠤ᠂ ᠠᠮᠵᠢᠯᠲᠠ ᠪᠠᠨ ᠳ᠋ᠦᠩᠨᠡᠵᠦ᠂ ᠲᠤᠷᠰᠢᠯᠭ᠎ᠠ ᠪᠠᠨ ᠳᠡᠯᠭᠡᠷᠡᠭᠦᠯᠬᠦ ᠪᠠᠷ ᠪᠠᠷᠠᠬᠤ ᠦᠭᠡᠢ ᠨᠡᠩ ᠴᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠤᠨ ᠳᠤᠲᠠᠭᠤᠳᠠᠯ ᠪᠠᠭᠤᠷᠠᠢ ᠵᠦᠢᠯ ᠢ ᠡᠷᠢᠵᠦ ᠰᠢᠢᠳᠪᠦᠷᠢᠯᠡᠬᠦ ᠶᠢ ᠠᠩᠬᠠᠷᠬᠤ ᠪᠤᠯᠤᠨ᠎ᠠ᠃ ᠦᠬᠠᠢ ᠬᠤᠳᠠ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠬᠠᠤᠯᠢᠵᠢᠯ ᠤᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢᠨ ᠳᠠᠰᠤᠷᠠᠯᠳᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠬᠠᠷᠢᠭᠤ ᠮᠡᠳᠡᠭᠦᠯᠦᠯᠲᠡ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ ᠲᠣᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠠᠴᠠ ᠦᠬᠠᠶ ᠬᠤᠲᠠ ᠶᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠭᠠᠵᠠᠷ ᠣᠷᠣᠨ ᠢᠶᠠᠷ ᠲᠣᠭᠲᠠᠭᠠᠭᠰᠠᠨ ᠶᠠᠪᠤᠳᠠᠯ ᠪᠣᠯ ᠮᠠᠨ ᠤ ᠬᠤᠲᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠨᠢᠭᠡ ᠤᠳᠠᠭᠠᠨ ᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠮᠥᠨ᠂ ᠦᠬᠠᠶ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠪᠠ ᠬᠦᠴᠦᠲᠡᠶ ᠱᠠᠭᠠᠷᠳᠠᠵᠤ ᠪᠠᠶᠢᠭ᠎ᠠ ᠶᠠᠪᠤᠳᠠᠯ ᠮᠥᠨ᠃ ᠲᠠᠷᠠᠭᠠᠴᠢ ᠶᠢᠨ ᠠᠯᠬᠤᠮ ᠳᠤ᠂ ᠦᠬᠠᠢ ᠬᠤᠳᠠ ᠶᠢᠨ ᠬᠢᠨ ᠲᠤᠰ ᠣᠳᠠᠭᠠᠨ ᠤ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠪᠠᠷ ᠴᠢᠬᠤᠯᠠ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ︽ᠪᠠᠴᠢᠮ ᠬᠦᠴᠢᠷ ᠵᠤᠪᠠᠨᠢᠯ ᠡᠷᠡᠮᠡᠯᠵᠡᠯ︾᠎ ᠯᠦᠭᠡ ᠤᠶᠠᠯᠳᠤᠭᠤᠯᠤᠨ ᠠᠰᠠᠭᠤᠳᠠᠯ ᠢᠶᠠᠨ ᠪᠠᠶᠢᠴᠠᠭᠠᠵᠤ᠂ ︽ᠲᠤᠰᠬᠠᠢ ᠠᠵᠢᠯ︾᠎ ᠯᠤᠭ᠎ᠠ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ︾᠎ ᠯᠤᠭ᠎ᠠ ᠤᠶᠠᠯᠳᠤᠭᠤᠯᠤᠨ ᠲᠣᠭᠲᠠᠴᠠ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠵᠤ᠂ ᠨᠡᠩ ᠥᠨᠳᠥᠷ ᠲᠦᠪᠰᠢᠨ ᠳᠤ ᠬᠠᠤᠯᠢᠵᠢᠯ ᠤᠨ ᠦᠬᠠᠢ ᠶᠢ ᠰᠠᠶᠢᠲᠤᠷ ᠪᠦᠳᠦᠬᠡᠨ ᠪᠠᠶᠢᠭᠤᠯᠤᠨ᠎ᠠ︔ ᠡᠭᠦᠨ ᠤ ᠬᠠᠮᠲᠤ ᠨᠠᠮ ᠵᠠᠰᠠᠭ ᠤᠨ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠵᠢᠱᠢᠶ᠎ᠡ ᠦᠵᠡᠭᠦᠯᠦᠨ ᠳᠠᠶᠢᠴᠢᠯᠠᠵᠤ ᠂ ᠬᠠᠤᠯᠢᠵᠢᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠨ᠎ᠠ ᠬᠡᠵᠡᠢ᠃      ᠲᠠᠩ ᠢ ᠱᠠᠭᠠᠷᠳᠠᠭᠰᠠᠨ ᠨᠢ᠂ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠪᠣᠳᠠᠲᠠᠶ ᠪᠠᠷ ᠳᠥᠯᠭᠢᠨ ᠠᠬᠢᠭᠤᠯᠵᠤ᠂ ᠲᠣᠰ ᠭᠠᠵᠠᠷ ᠣᠷᠣᠨ ᠲᠣᠰ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠣᠳᠣᠷᠬᠠᠶ ᠬᠠᠭᠤᠳᠠᠰᠤ ᠭᠠᠷᠭᠠᠨ᠂ ᠲᠥᠰᠦᠯ ᠲᠣᠭᠲᠠᠭᠠᠵᠤ᠂ ᠵᠦᠢᠯ ᠳᠠᠷᠠᠭᠠᠯᠠᠨ ᠵᠠᠳᠠᠯᠤᠨ ᠰᠤᠳᠤᠯᠵᠤ ᠰᠢᠢᠳᠪᠦᠷᠢᠯᠡᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠡᠭᠦᠷᠭᠡ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ ᠪᠡᠶᠡᠯᠡᠭᠦᠯᠦᠭᠰᠡᠨ ᠡᠭᠦᠷᠭᠡ ᠳᠤ ᠴᠠᠭ ᠲᠤᠨᠢ ᠳᠣᠭᠢᠷᠠᠭᠤᠯᠤᠨ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠤᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠰᠤᠯᠠᠷᠠᠭᠤᠯᠤᠯ ᠥᠬᠡᠶ ᠪᠠᠷ ᠴᠢᠩᠭ᠎ᠠ ᠠᠳᠬᠤᠵᠤ᠂ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠠᠵᠢᠯ ᠢ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠰᠠᠭᠤᠳᠠᠯ ᠢ ᠲᠦᠢᠯᠪᠤᠷᠢᠲᠠᠶ ᠰᠠᠶᠢᠵᠢᠷᠠᠭᠤᠯᠵᠤ᠂ ᠪᠣᠳᠠᠲᠠᠶ ᠪᠠᠷ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠦᠨᠡᠨᠬᠦ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢᠨ ᠲᠦᠷᠢᠮ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠣᠳᠣᠬᠢᠴᠢᠯᠠᠭᠰᠠᠨ ᠦᠬᠠᠢ ᠶᠢᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ᠃      ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号