10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠭᠤᠴᠢᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠪᠠ ᠴᠠᠭᠠᠭᠴᠢᠨ | ᠭᠠᠭ᠋ᠠᠶ ᠵᠢᠯ ᠤᠨ ᠬᠤᠪᠢᠰᠬᠠᠯ ᠤᠨ 110 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ | ᠱᠢ ᠲᠠᠢ ᠹᠧᠩ ᠱᠦᠵᠢ ᠶᠢᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ | ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠡᠨᠧᠷᠭᠢ ᠶᠢᠨ ᠬᠠᠩᠭᠠᠯᠭ᠎ᠠ ᠪᠠ ᠢᠯᠴᠢ | ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ | ᠬᠤᠯᠪᠤᠭᠳᠠᠯ ᠪᠥᠬᠦᠶ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠮᠠᠨ ᠤ ᠬᠤᠲᠠ ᠶᠢᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠶ᠃ ᠪᠦᠬᠦ | ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠮᠢᠳᠤ ᠪᠣᠳᠠᠰ ᠤᠨ ᠠᠮᠤᠷ ᠲᠦᠪᠰᠢᠨ ᠤ ᠰᠡᠷᠭᠡᠶᠢᠯᠡᠬᠦ ᠤᠬᠠᠮᠰᠠᠷ ᠪᠣᠯᠤᠨ | ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ᠠᠮᠢᠳᠤ ᠪᠣᠳᠠᠰ ᠤᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠪᠠᠨ | ᠲᠠᠰᠤᠷᠠᠯᠲᠠ ᠦᠭᠡᠢ ᠪᠦᠷᠢᠨᠰᠢᠬᠦᠯᠵᠦ᠂ ᠠᠮᠢᠳᠤ ᠪᠣᠳᠠᠰ ᠤᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ | ᠴᠣᠭᠴᠠᠯᠠᠬᠤ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ᠴᠠᠭᠠᠭᠴᠢᠨ ᠭᠠᠭ᠋ᠠᠢ ᠵᠢᠯ ᠤᠨ | ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠨᠠᠮ ᠳᠠᠭᠠᠨ ᠦᠨᠡᠨᠴᠢ ᠰᠢᠳᠤᠷᠭᠤ᠂ ᠤᠯᠤᠰ | ᠪᠣᠯᠤᠨ ᠦᠨᠳᠦᠰᠦᠲᠡᠨ ᠳᠡᠭᠡᠨ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠪᠠᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠤᠳᠠ ᠶᠢᠨ ᠨᠠᠢᠮᠠᠳᠤᠭᠠᠷ | ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠠᠵᠤ ᠦᠢᠯᠡᠰ ᠪᠣᠯᠤᠨ | ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢᠨ ᠲᠣᠭᠤᠷᠢᠨ ᠳᠤ᠂ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠶᠢᠨ ᠰᠢᠨ᠎ᠡ ᠶᠢ | ᠡᠭᠦᠳᠬᠦ ᠶᠢ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠡᠯᠰᠡᠵᠦ ᠤᠶᠤᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ | ᠬᠥᠮᠦᠵᠢᠭᠦᠯᠵᠦ ᠴᠢᠳᠠᠪᠤᠷᠢᠲᠠᠨ ᠢ ᠬᠡᠷᠡᠭᠯᠡᠵᠦ᠂ ᠴᠢᠳᠠᠪᠤᠷᠢᠲᠠᠨ ᠢ ᠨᠠᠨᠳᠢᠩᠨᠠᠨ ᠴᠢᠳᠠᠪᠤᠷᠢᠲᠠᠨ ᠢ ᠦᠯᠡᠳᠡᠭᠡᠵᠦ᠂ | ᠣᠳᠣᠬᠢᠴᠢᠯᠠᠭᠰᠠᠨ ᠦᠬᠠᠢ ᠶᠢ ᠪᠦᠳᠦᠭᠡᠨ ᠪᠠᠶᠢᠭᠤᠯᠬᠤ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ | ᠪᠣᠯᠤᠨ ᠤᠶᠤᠨ ᠤ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠱᠢ ᠲᠠᠢ ᠹᠧᠩ ᠱᠦᠵᠢ ᠮᠠᠨ ᠤ ᠬᠤᠳᠠ ᠳᠤ ᠪᠠᠶᠢᠴᠠᠭᠠᠨ | ᠰᠤᠳᠤᠯᠤᠯᠲᠠ ᠬᠢᠬᠦ ᠬᠤᠭᠤᠴᠠᠭᠠᠨ ᠳᠠᠭᠠᠨ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠪᠦᠳᠦᠬᠡᠨ ᠪᠠᠶᠢᠭᠤᠯᠤᠯᠲᠠ ᠵᠡᠷᠭᠡ ᠠᠵᠢᠯ ᠳᠤ | ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ | ᠪᠣᠳᠠᠲᠠᠢ ᠠᠷᠭ᠎ᠠ ᠵᠠᠮ ᠢ ᠲᠣᠳᠣᠷᠬᠠᠢ ᠵᠢᠭᠠᠵᠤ ᠥᠭᠴᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ | ᠨᠢᠭᠡᠴᠡ ᠨᠦᠭᠦᠳ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠤᠯᠤᠭ᠎ᠠ ᠶᠢ ᠵᠠᠰᠠᠬᠤ︾ ᠲᠥᠰᠦᠯ ᠢ ᠴᠢᠩᠭ᠎ᠠ ᠨᠠᠶᠢᠳᠠᠪᠤᠷᠢᠵᠢᠭᠤᠯᠤᠨ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠮᠢ ᠠᠬᠤᠶ ᠶᠢ ᠰᠡᠷᠭᠦᠭᠡᠵᠦ᠂ ᠠᠭᠤᠷᠬᠠᠶ ᠶᠢᠨ | ᠡᠷᠬᠡ ᠶᠢ ᠡᠮᠬᠢᠯᠡᠨ ᠨᠡᠶᠢᠯᠡᠭᠦᠯᠬᠦ ᠶᠢ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠴᠢᠬᠤᠯᠠ | ᠰᠢᠪᠲᠤᠯᠤᠯᠲᠠ ᠶᠢᠨ ᠴᠢᠭ ᠪᠣᠯᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠭᠠᠵᠠᠷ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ | ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠭᠰᠢᠵᠦ ᠴᠡᠪᠡᠷᠯᠡᠬᠦ ᠪᠠᠨ ᠲᠦᠷᠭᠡᠳᠬᠡᠵᠦ᠂ ᠰᠢᠩᠭᠡᠯᠢᠭ ᠢᠶᠠᠨ | ᠰᠤᠯᠠᠯᠠᠵᠤ ᠰᠢᠪᠠᠭᠤ ᠶᠢ ᠰᠣᠯᠢᠬᠤ ᠪᠠᠨ ᠲᠦᠷᠭᠡᠳᠬᠡᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ | ᠤᠷᠤᠰᠬᠠᠯ ᠲᠡᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠦᠪᠰᠢᠨ ᠲᠡᠰᠢ | ᠳᠡᠭᠡᠭᠰᠢᠯᠡᠭᠦᠯᠬᠦ ᠶᠢ ᠲᠦᠷᠭᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ | ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠲᠤᠨ ᠭᠤᠣᠯ ᠤᠨ | ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ | ᠴᠡᠪᠡᠷᠯᠡᠬᠦ ᠶᠢ ᠤᠷᠢᠳᠴᠢᠯᠠᠨ ᠲᠥᠯᠥᠪᠵᠢᠭᠦᠯᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠪᠣᠯᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠷᠬᠢᠨ ᠲᠣᠭᠤᠷᠢᠨ ᠤ | ᠠᠶᠢᠮᠠᠭ ᠬᠤᠳᠠ ᠲᠠᠢ ᠬᠠᠮᠲᠤᠪᠠᠷ ᠡᠯᠡᠰᠦ ᠮᠠᠩᠬ᠎ᠠ ᠶᠢᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ ᠤᠷᠠᠨ | ᠪᠢᠴᠢᠯᠭᠡ ᠶᠢᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠭᠤᠯᠠ᠂ ᠤᠰᠤ᠂ ᠡᠯᠡᠰᠦ᠂ | ᠬᠤᠳᠠ ᠶᠢᠨ ᠬᠤᠳᠠ ᠶᠢᠨ ᠦᠵᠡᠮᠵᠢ ᠶᠢ ᠨᠠᠷᠢᠨ ᠨᠢᠮᠪᠠᠢ ᠰᠠᠶᠢᠲᠤᠷ ᠴᠣᠭᠴᠠᠯᠠᠬᠤ ᠬᠡᠷᠡᠭᠲᠡᠢ ᠬᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠠᠬᠢᠯᠭᠠᠨ ᠬᠦᠴᠦᠨ᠂ ᠨᠡᠭᠦᠷᠡᠰᠦ ᠵᠡᠷᠭᠡ ᠡᠨᠧᠷᠭᠢ ᠶᠢᠨ | ᠬᠠᠩᠭᠠᠯᠭ᠎ᠠ ᠶᠢᠨ ᠪᠠᠲᠤᠯᠠᠭ᠎ᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠱᠠᠳᠣ ᠡᠯ᠎ᠡ ᠰᠠᠯᠠᠭ᠎ᠠ ᠮᠥᠴᠢᠷ ᠤᠳ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠪᠠ ᠢᠯᠴᠢ ᠬᠠᠩᠭᠠᠬᠤ ᠶᠢ ᠪᠠᠲᠤᠯᠠᠬᠤ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠠᠶ | ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ | ᠨᠡᠭᠦᠷᠡᠰᠦ᠂ ᠴᠠᠬᠢᠯᠭᠠᠨ ᠬᠦᠴᠦᠨ᠂ ᠢᠯᠴᠢ ᠬᠠᠩᠭᠠᠬᠤ ᠠᠵᠤ ᠠᠬᠤᠶᠢᠯᠠᠯ ᠤᠨ ᠠᠵᠢᠯᠯᠠᠭᠠᠨ ᠢ ᠳᠣᠭᠢᠷᠠᠭᠤᠯᠤᠨ ᠬᠢᠨᠠᠨ | ᠬᠡᠮᠵᠢᠬᠦ ᠪᠠᠨ ᠴᠢᠩᠭᠠᠳᠬᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠢᠯᠴᠢ ᠬᠠᠩᠭᠠᠬᠤ ᠶᠢ ᠪᠠᠲᠤᠯᠠᠬᠤ | ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠪᠠ ᠰᠠᠭᠤᠭᠠᠯᠢ | ᠠᠷᠠᠳ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃ ᠬᠤᠷᠠᠯ ᠠᠴᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠰᠠᠨᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |