ᠳᠥᠷᠪᠡᠳ ᠬᠤᠰᠢᠭᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠤᠶᠢᠯ ᠤᠨ 2019 ᠣᠨ ᠎ ᠤ ᠬᠡᠷᠡᠭᠵᠢᠭᠦᠯᠬᠦ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠥᠰᠦᠯ ᠤᠨ ᠦᠯᠡᠳᠡᠪᠦᠷᠢ ᠶᠢᠨ  ᠭᠦᠢᠴᠡᠤᠡᠭᠡᠯ ᠲᠤᠭ᠎ᠠ ᠶᠢ ᠬᠤᠷᠢᠶᠠᠨ ᠠᠪᠴᠤ ᠬᠡᠷᠡᠭᠯᠡᠨ ᠰᠢᠨ᠎ᠡ ᠲᠣᠭᠤᠷᠢᠭ ᠤᠨ ᠭᠤᠷᠪᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠤᠶᠢᠯ ᠤᠨ ᠬᠡᠪᠴᠢᠶᠡᠨ ᠳᠠᠬᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠪᠠ ᠬᠡᠷᠡᠭᠯᠡᠬᠦ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2021/10/18
     ᠬᠤᠲᠠ ᠶᠢᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠲᠥᠯᠥᠭᠡ᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠎ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠪᠠᠷ ᠲᠣᠭᠲᠠᠪᠠ ᠂ ᠶᠡᠷᠦᠩᠬᠡᠢ ᠲᠠᠯᠠᠪᠠᠢ ᠨᠢ 40 . 0880 ᠾᠧᠺᠲ᠋ᠠᠷ ᠪᠣᠯᠤᠨ᠎ᠠ᠃     ᠭᠠᠵᠠᠷ ᠰᠢᠷᠣᠶ ᠶᠢ ᠬᠤᠷᠢᠶᠠᠨ ᠠᠪᠬᠤ ᠪᠣᠳᠠᠲᠠᠶ ᠬᠦᠷᠢᠶ᠎ᠡ ᠬᠡᠪᠴᠢᠶ᠎ᠡ ᠨᠢ᠄ ᠲᠣᠰ ᠪᠦᠯᠦᠭ ᠤᠳᠠᠭ᠎ᠠ ᠨᠢ ᠴᠥᠮ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ ᠭᠤᠤᠯ ᠤᠨ ᠬᠤᠶᠠᠳᠤᠭᠠᠷ ᠬᠤᠭᠤᠴᠠᠭᠠᠨ ᠤ ᠪᠠᠷᠠᠭᠤᠨ ᠬᠡᠰᠡᠭ ᠤᠨ ᠣᠷᠣᠨ ᠤ ᠬᠡᠪᠴᠢᠶᠡᠨ ᠳᠤ ᠪᠠᠶᠢᠵᠤ᠂ ᠤᠮᠠᠷᠠᠰᠢ ᠭᠠᠨᠳᠠᠷ ᠭᠤᠤᠯ᠂ ᠡᠮᠦᠨᠡᠰᠢ ᠪᠢᠨ ᠾᠧ ᠶᠡᠭᠡ ᠵᠠᠮ᠂ ᠪᠠᠷᠠᠭᠤᠨᠰᠢ ᠪᠢᠨ ᠾᠧ ᠶᠡᠭᠡ ᠵᠠᠮ᠂ ᠵᠡᠭᠦᠨᠰᠢ ᠪᠠᠨ ᠱᠢ ᠵᠢᠶ ᠶᠡᠭᠡ ᠵᠠᠮ ᠪᠣᠯᠤᠨ᠎ᠠ᠃ ᠭᠠᠵᠠᠷ ᠰᠢᠷᠣᠶ ᠠᠰᠢᠭᠯᠠᠵᠤ ᠪᠠᠶᠢᠭ᠎ᠠ ᠣᠳᠣᠬᠢ ᠪᠠᠶᠢᠳᠠᠯ ᠤᠨ ᠭᠠᠵᠠᠷ ᠤᠨ ᠲᠥᠷᠥᠯ ᠪᠣᠯ᠄ ᠲᠠᠷᠢᠶᠠᠯᠠᠩ ᠳᠤ ᠬᠡᠷᠡᠭᠯᠡᠬᠦ ᠭᠠᠵᠠᠷ 39 . 4289 ᠾᠧᠺᠲ᠋ᠠᠷ ︵ᠪᠠᠶᠢᠭᠠᠯᠢ ᠶᠢᠨ ᠪᠡᠯᠴᠢᠭᠡᠷ ᠡᠪᠡᠰᠦᠲᠦ ᠭᠠᠵᠠᠷ 34 . 0638 ᠾᠧᠺᠲ᠋ᠠᠷ᠂ ᠪᠤᠰᠤᠳ ᠣᠶᠢᠲᠤ ᠭᠠᠵᠠᠷ 2 . 8106 ᠾᠧᠺᠲ᠋ᠠᠷ᠂ ᠣᠶᠢᠲᠤ ᠭᠠᠵᠠᠷ 1 . 2533 ᠾᠧᠺᠲ᠋ᠠᠷ ᠪᠠᠢᠨ᠎ᠠ᠂ ᠬᠥᠳᠡᠭᠡ ᠲᠣᠰᠬᠤᠨ ᠤ ᠵᠠᠮ 0 . 3530 ᠾᠧᠺᠲ᠋ᠠᠷ᠂ ᠭᠤᠤ ᠰᠤᠪᠠᠭ 0 . 9482 ᠾᠧᠺᠲ᠋ᠠᠷ︶᠂ ᠠᠰᠢᠭᠯᠠᠭᠠᠳᠤᠢ ᠭᠠᠵᠠᠷ 0 . 6591 ᠾᠧᠺᠲ᠋ᠠᠷ ︵ᠪᠤᠰᠤᠳ ᠡᠪᠡᠰᠦᠲᠦ ᠭᠠᠵᠠᠷ 0 . 6591 ᠾᠧᠺᠲ᠋ᠠᠷ︶᠂ ᠳᠡᠭᠡᠷ᠎ᠡ ᠳᠤᠷᠠᠳᠤᠭᠰᠠᠨ ᠬᠡᠪᠴᠢᠶᠡᠨ ᠳᠣᠲᠣᠷ᠎ᠠ ᠭᠠᠵᠠᠷ ᠰᠢᠷᠣᠢ ᠬᠡᠷᠡᠭᠯᠡᠬᠦ ᠡᠷᠬᠡ ᠶᠢ ᠶᠠᠮᠠᠷᠪᠠ ᠨᠢᠭᠡᠴᠢ ᠪᠠ ᠬᠤᠪᠢ ᠬᠥᠮᠦᠨ ᠳᠤ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠤᠯᠤᠭᠰᠠᠨ ᠦᠭᠡᠢ᠂ ᠬᠡᠷᠡᠭᠯᠡᠬᠦ ᠡᠷᠬᠡ ᠦᠭᠡᠢ ᠬᠥᠮᠦᠨ᠂ ᠲᠥᠯᠥᠪᠦᠷᠢ ᠳᠤ ᠬᠤᠯᠪᠣᠭᠳᠠᠬᠤ ᠦᠭᠡᠢ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠥᠷᠪᠡᠳ ᠬᠤᠰᠢᠭᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠤᠶᠢᠯ ᠤᠨ 2019 ᠣᠨ ᠤ ᠬᠡᠷᠡᠭᠵᠢᠭᠦᠯᠬᠦ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠲᠥᠰᠦᠯ ᠤᠨ ᠦᠯᠡᠳᠡᠪᠦᠷᠢ ᠭᠦᠢᠴᠡᠤᠡᠭᠡᠯ ᠲᠤᠭ᠎ᠠ ᠪᠠᠷ ᠰᠢᠨ᠎ᠡ ᠲᠣᠭᠤᠷᠢᠭ ᠤᠨ ᠭᠤᠷᠪᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ  ᠵᠤᠶᠢᠯ ᠢ ᠲᠥᠯᠥᠪᠦᠷᠢ ᠥᠬᠡᠶ ᠪᠠᠷ ᠬᠤᠷᠢᠶᠠᠨ ᠠᠪᠤᠨ᠎ᠠ᠃                                 2021 ᠣᠨ ᠤ 6 ᠳ᠋ᠤᠭᠠᠷ ᠰᠠᠷ᠎ᠠ ᠶᠢᠨ 29᠎ ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号