ᠹᠧᠩ ᠬᠤᠸᠠᠩ ᠯᠢᠩ ᠵᠡᠭᠡᠯᠢ ᠭᠤᠳᠤᠮᠵᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠤᠰᠬᠠᠶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/26
     10 ᠰᠠᠷ᠎ᠠ ᠶᠢᠨ 22᠎ ᠤᠨ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠲᠤᠰᠬᠠᠶ ᠬᠤᠷᠠᠯ ᠬᠤᠷᠠᠯᠳᠤᠭᠤᠯᠵᠤ᠂ 2022 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠠ ᠸᠧᠢ ᠳ᠋ᠠᠢ᠂ ᠳᠡᠳ᠋ ᠡᠷᠬᠢᠯᠡᠭᠴᠢ ᠭᠠᠨ ᡁᠢ ᠲᠤᠤ᠂ 6 ᠨᠡᠶᠢᠭᠡᠮ ᠲᠣᠭᠤᠷᠢᠭ ᠤᠨ ᠱᠦᠵᠢ ᠵᠡᠷᠭᠡ 16 ᠬᠥᠮᠦᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠭᠠᠨ ᡁᠢ ᠲᠤᠤ 2022 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠳᠤ ᠶᠡᠷᠦᠩᠬᠡᠶ ᠪᠠᠶᠢᠷᠢᠯᠠᠭᠤᠯᠤᠯᠲᠠ ᠬᠢᠪᠠ᠄ ᠨᠢᠭᠡ ᠳᠤ᠂ ᠨᠡᠶᠢᠭᠡᠮ ᠲᠣᠭᠤᠷᠢᠭ ᠤᠨ ᠬᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠴᠠᠭ ᠲᠤᠬᠠᠶ ᠳᠤᠨᠢ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠡᠷᠦᠬᠡ ᠳᠤ ᠣᠷᠣᠵᠤ ᠪᠠᠶᠢᠴᠠᠭᠠᠬᠤ ᠬᠦᠰᠦᠨᠦᠭᠲᠦ ᠶᠢ ᠮᠡᠳᠡᠭᠦᠯᠦᠨ᠎ᠡ︔ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠬᠦ ᠭᠤᠣᠯᠳᠠᠯᠭ᠎ᠠ ᠶᠢ ᠡᠵᠡᠮᠳᠡᠬᠦ ᠬᠡᠷᠡᠭᠲᠡᠢ᠃ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠠᠴᠠ ᠡᠭᠦᠰᠴᠦ᠂ ᠥᠭᠡᠷᠡᠴᠢᠯᠡᠬᠦ ᠠᠭᠤᠯᠭ᠎ᠠ ᠶᠢ ᠵᠦᠶ ᠵᠣᠬᠢᠰᠲᠠᠶ ᠲᠣᠭᠲᠠᠭᠠᠨ᠂ ᠪᠠᠭ᠎ᠠ ᠲᠣᠭᠤᠷᠢᠭ ᠤᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠤᠶᠢᠯ ᠢ ᠬᠤᠷᠢᠶᠠᠩᠭᠤᠶᠢᠯᠠᠭᠰᠠᠨ ᠤ ᠳᠠᠷᠠᠭ᠎ᠠ ᠴᠠᠭ ᠲᠤᠬᠠᠶ ᠳᠤᠨᠢ ᠢᠯᠡ ᠨᠡᠶᠢᠲᠡᠯᠡᠵᠦ᠂ ᠥᠭᠡᠷᠡᠴᠢᠯᠡᠨ ᠰᠢᠨᠡᠳᠬᠡᠬᠦ ᠲᠥᠷᠥᠯ ᠵᠤᠶᠢᠯ ᠢ ᠢᠯᠡ ᠲᠣᠳᠣ ᠪᠠᠶᠢᠯᠭᠠᠬᠤ ᠬᠡᠷᠡᠭᠲᠡᠶ᠃ ᠡᠴᠦᠰ ᠲᠤ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ  ᠲᠠ ᠸᠧᠢ ᠳ᠋ᠠᠢ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠬᠦᠰᠦᠨᠦᠭ ᠭᠠᠷᠭᠠᠵᠤ᠂ ᠰᠠᠭᠤᠭᠠᠯᠢ ᠠᠷᠠᠳ ᠤᠨ ᠳᠤᠷᠠᠳᠤᠭᠰᠠᠨ ᠬᠡᠷᠡᠭᠴᠡᠭᠡ ᠪᠣᠯᠤᠨ ᠰᠠᠨᠠᠭᠤᠯᠭ᠎ᠠ ᠶᠢ ᠬᠤᠷᠢᠶᠠᠩᠭᠤᠶᠢᠯᠠᠵᠤ᠂ ᠥᠭᠡᠷᠡᠴᠢᠯᠡᠯᠲᠡ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠴᠠᠭ ᠤᠨ ᠬᠢᠵᠠᠭᠠᠷ ᠢ ᠴᠢᠩᠳᠠᠯᠠᠵᠤ᠂ ᠠᠵᠢᠯ ᠤᠨ ᠦᠷ᠎ᠡ ᠪᠦᠲᠦᠮᠵᠢ ᠶᠢ ᠲᠤᠪᠤᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠤᠰ ᠤᠳᠠᠭ᠎ᠠ ᠶᠢᠨ ᠬᠤᠷᠠᠯ ᠪᠣᠯ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠬᠤ ᠬᠤᠷᠠᠯ ᠪᠣᠯᠬᠤ ᠪᠥᠭᠡᠳ ᠪᠠᠰᠠ ᠴᠤ ᠨᠢᠭᠡ ᠤᠳᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠪᠣᠯᠤᠨ᠎ᠠ᠃ ᠨᠡᠶᠢᠭᠡᠮ ᠲᠣᠭᠤᠷᠢᠭ ᠨᠢ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠤᠡᠭᠡᠨ᠂ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠪᠠᠷ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号