ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2021/10/27
     ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠡᠭᠦᠷ 2021 ᠣᠨ ᠤ 10 ᠰᠠᠷ᠎ᠠ ᠶᠢᠨ 26᠎ ᠤ ᠡᠳᠦᠷ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠮ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠨᠢ ᠭᠤᠣᠯ ᠰᠡᠳᠦᠪᠲᠦ ᠨᠠᠮ ᠤᠨ ᠡᠳᠦᠷ ᠤᠨ ᠲᠣᠭᠲᠠᠭᠠᠯ ᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠨᠢᠭᠡᠳ ᠨᠢᠭᠡ ᠪᠠᠷ ᠶᠠᠪᠤᠭᠳᠠᠪᠠ᠄ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ ᠨᠠᠮ ᠤᠨ ᠳᠦᠷᠢᠮ ᠨᠠᠮ ᠤᠨ ᠲᠣᠭᠲᠠᠭᠠᠯ ᠢ ᠳᠠᠭᠠᠭᠤᠯᠤᠨ ᠤᠩᠰᠢᠵᠤ᠂ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠨᠠᠮ ᠤᠨ ᠰᠦᠢᠳᠬᠡᠯ‌‍ᠲ᠋ᠤᠰᠢᠶᠠᠵᠤ᠂ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠡᠭᠦᠷ ᠤᠨ ᠱᠦᠵᠢ ᠵᠢᠶᠠ ᠸᠧᠨ ᠯᠢ ᠨᠥᠬᠦᠷ ᠳᠠᠭᠠᠭᠤᠯᠤᠨ ᠰᠤᠷᠤᠯᠴᠠᠪᠠ᠄ ᠤᠯᠤᠰ ᠳᠠᠶᠠᠭᠠᠷ ᠰᠡᠳᠬᠢᠯ ᠨᠢᠭᠡᠳᠴᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠪᠦᠯᠬᠦᠮᠳᠡᠬᠦ ᠠᠤᠭ᠎ᠠ ᠬᠦᠴᠦᠨ ᠢ ᠬᠥᠭᠵᠢᠭᠡᠵᠦ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠪᠠ᠂ ᠪᠦᠬᠦ ᠨᠠᠮ ᠤᠨ ᠭᠡᠰᠢᠭᠦᠨ ᠨᠥᠬᠦᠳ ᠨᠠᠷᠢᠨ ᠬᠢᠨᠠᠮᠠᠭᠠᠢ ᠰᠣᠨᠣᠰᠴᠠᠢ᠃
   ᠵᠢᠶᠠ ᠸᠧᠨ ᠯᠢ ᠨᠥᠬᠦᠷ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠴᠠᠭ ᠦᠶ᠎ᠡ ᠶᠢᠨ ᠵᠣᠷᠢᠭ ᠰᠠᠨᠠᠭ᠎ᠠ ᠶᠢ ᠲᠠᠶᠢᠯᠪᠤᠷᠢᠯᠠᠵᠠᠢ᠂ ᠪᠢᠳᠡ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠪᠠᠳᠠᠷᠠᠭᠤᠯᠵᠤ᠂ ᠶᠠᠮᠠᠷᠪᠠ ᠲᠡᠮᠡᠴᠡᠯ ᠪᠣᠯᠤᠨ ᠬᠦᠴᠢᠷ ᠪᠡᠷᠬᠡᠰᠢᠶᠡᠯ ᠤᠨ ᠡᠮᠦᠨ᠎ᠡ᠂ ᠪᠢᠳᠡ ᠴᠥᠮ ᠡᠷᠡᠰ ᠪᠠᠲᠤ ᠢᠲᠡᠭᠡᠯ ᠵᠣᠷᠢᠭ ᠪᠣᠯᠤᠨ ᠪᠠᠲᠤ ᠴᠢᠩᠭ᠎ᠠ ᠡᠷᠴᠢ ᠵᠣᠷᠢᠭ ᠢᠶᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠤᠰᠤᠯ ᠢ ᠬᠤᠷᠠᠮᠳᠤᠭᠤᠯᠪᠠᠯ ᠠᠭᠤᠯᠠ ᠤᠰᠤ ᠠᠮᠤᠷ ᠲᠦᠪᠰᠢᠨ︔ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠣᠯᠭᠠᠪᠠ᠃ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠬᠠᠷᠢᠯᠴᠠᠨ ᠲᠤᠰᠠᠯᠠᠵᠤ᠂ ᠬᠠᠷᠢᠯᠴᠠᠨ ᠬᠠᠮᠵᠢᠯᠴᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃    ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠨᠥᠬᠦᠳ ᠳ᠋ᠢᠩ ᠱᠧᠩ ᠬᠤᠸᠠ ᠶᠤᠸᠠᠨ ᠳᠤ ᠬᠦᠷᠴᠦ ᠤᠯᠠᠨ ᠲᠦᠮᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠢᠳᠡᠪᠬᠢᠲᠡᠢ ᠥᠷᠨᠢᠭᠦᠯᠪᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ  ᠤᠶᠢᠯᠡᠳᠤᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠤᠶᠢᠯᠡᠳᠤᠯ ᠢ ᠭᠦᠶ᠋ᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠤᠤᠷ ᠢ ᠪᠠᠲᠤ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号