ᠪᠣᠯᠪᠠᠰᠤᠷᠠᠬᠤ ᠪᠠᠷ ᠪᠠᠶᠢᠯᠳᠤᠭᠠᠨ ᠪᠣᠯᠭᠠᠬᠤ — ᠹᠧᠩ ᠬᠤᠸᠠᠩ ᠯᠢᠩ ᠵᠡᠭᠡᠯᠢ ᠭᠤᠳᠤᠮᠵᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠦᠯᠢᠭᠡᠷ ᠠᠪᠴᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2021/10/27
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠠ ᠵᠣᠬᠢᠴᠠᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠭᠠᠨ ᠢ ᠦᠨᠳᠦᠰᠦᠯᠡᠨ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠤ ᠬᠡᠪᠴᠢᠶᠡᠨ ᠳᠤ ᠪᠦᠬᠦ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢᠨ ᠰᠣᠷᠢᠯᠲᠠ ᠰᠣᠷᠢᠯᠲᠠ ᠶᠢ ᠥᠷᠨᠢᠭᠦᠯᠪᠡ᠃      ᠹᠤᠩ ᠬᠤᠸᠠᠩ ᠯᠢᠩ ᠵᠡᠭᠡᠯᠢ ᠭᠤᠳᠤᠮᠵᠢ ᠲᠡᠷᠡ ᠳᠠᠷᠤᠶ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠰᠣᠷᠢᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠥᠯᠢᠭᠡᠷ ᠠᠪᠬᠤ ᠰᠣᠷᠢᠯᠲᠠ ᠶᠢᠨ ᠴᠡᠭ ᠤᠨ ᠣᠷᠣᠨ ᠪᠦᠰᠡ ᠶᠢᠨ ᠬᠤᠪᠢᠶᠠᠷᠢᠯᠠᠯ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠠᠵᠢᠯᠲᠠᠨ ᠤ ᠲᠣᠬᠢᠷᠠᠭᠤᠯᠤᠯᠲᠠ᠂ ᠥᠯᠢᠭᠡᠷ ᠠᠪᠬᠤ ᠴᠤᠪᠤᠷᠠᠯ᠂ ᠡᠳ᠋ ᠪᠣᠳᠠᠰ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠨᠡᠶᠢᠭᠡᠮ ᠲᠣᠭᠤᠷᠢᠭ ᠤᠨ ᠡᠮᠦᠨᠡᠬᠢ ᠬᠤᠭᠤᠴᠠᠭᠠᠨ ᠤ ᠥᠯᠢᠭᠡᠷ ᠠᠪᠬᠤ ᠠᠵᠢᠯᠲᠠᠨ ᠤ ᠮᠡᠳᠡᠭᠡ ᠵᠠᠩᠭᠢᠵᠢᠯᠲᠠ ᠶᠢ ᠣᠷᠣᠭᠤᠯᠬᠤ᠂ ᠰᠠᠶᠢᠨ ᠲᠤᠷᠠᠴᠤᠳ ᠤᠨ ᠡᠩᠨᠡᠭᠡ ᠶᠢ ᠨᠥᠭᠡᠴᠡᠯᠡᠬᠦ ᠵᠡᠷᠭᠡ ᠠᠵᠢᠯ ᠢ ᠳᠠᠬᠢᠨᠲᠠ ᠨᠢᠭᠡᠳ ᠨᠢᠭᠡ ᠪᠠᠷ ᠨᠤᠲᠠᠯᠠᠪᠠ᠃
   ᠰᠣᠷᠢᠯᠲᠠ ᠶᠢᠨ ᠡᠳ᠋ ᠪᠣᠳᠠᠰ ᠵᠠᠯᠭᠠᠭ᠎ᠠ ᠪᠠᠷ ᠲᠠᠯᠠᠪᠠᠶ ᠳᠤ ᠣᠷᠣᠵᠤ᠂ ᠪᠡᠶ᠎ᠡ ᠶᠢᠨ ᠬᠠᠯᠠᠭᠤᠨ ᠢ ᠬᠡᠮᠵᠢᠬᠦ ᠲᠣᠭᠤᠷᠢᠭ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠲᠣᠭᠤᠷᠢᠭ᠂ ᠲᠦᠷ ᠴᠠᠭ ᠤᠨ ᠲᠤᠰᠠᠭᠠᠷᠯᠠᠬᠤ ᠲᠣᠭᠤᠷᠢᠭ᠂ ᠬᠦᠯᠢᠶᠡᠬᠦ ᠲᠣᠭᠤᠷᠢᠭ᠂ ᠮᠡᠳᠡᠭᠡ ᠵᠠᠩᠭᠢ ᠶᠢ ᠳᠠᠩᠰᠠᠯᠠᠬᠤ ᠲᠣᠭᠤᠷᠢᠭ᠂ ᠮᠡᠳᠡᠭᠡ ᠵᠠᠩᠭᠢ ᠶᠢ ᠬᠤᠯᠪᠣᠬᠤ ᠲᠣᠭᠤᠷᠢᠭ᠂ ᠥᠯᠢᠭᠡᠷ ᠠᠪᠬᠤ ᠲᠣᠭᠤᠷᠢᠭ ᠵᠡᠷᠭᠡ ᠡᠲᠡᠭᠡᠷ ᠵᠠᠩᠭᠢᠯᠠᠭ᠎ᠠ ᠶᠢᠨ ᠣᠷᠣᠨ ᠪᠦᠰᠡ ᠶᠢ ᠨᠢᠭᠡᠳ ᠨᠢᠭᠡ ᠪᠠᠷ ᠪᠠᠶᠢᠭᠤᠯᠵᠤ ᠳᠠᠭᠤᠰᠬᠠᠬᠤ ᠶᠢ ᠳᠠᠭᠠᠯᠳᠤᠨ᠂ ᠡᠯ᠎ᠡ ᠠᠵᠢᠯᠲᠠᠨ᠂ ᠰᠠᠶᠢᠨ ᠲᠤᠷᠠᠴᠤᠳ᠂ ᠡᠮᠴᠢᠯᠡᠭᠡᠨ ᠤ ᠠᠵᠢᠯᠲᠠᠳ ᠴᠤ ᠡᠯ᠎ᠡ ᠠᠵᠢᠯ ᠤᠨ ᠪᠠᠶᠢᠷᠢ ᠳᠤ ᠲᠦᠷᠭᠡᠨ ᠴᠤᠭᠯᠠᠷᠠᠵᠤ᠂ ᠪᠦᠬᠦ᠋ᠢᠯᠡ ᠶᠠᠪᠤᠴᠠ ᠨᠢ ᠮᠠᠰᠢ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠠᠶ᠃
   ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠴᠤᠭᠯᠠᠭᠤᠯᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠷ ᠳᠡᠮᠵᠢᠨ᠂ ᠹᠧᠩ ᠬᠤᠸᠠᠩ ᠯᠢᠩ ᠵᠡᠭᠡᠯᠢ ᠭᠤᠳᠤᠮᠵᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠥᠯᠢᠭᠡᠷ ᠠᠪᠬᠤ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠲᠠᠯᠪᠢᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号