ᠶᠠᠩ ᠶᠢᠨ ᠨᠠᠭᠤᠷ ᠲᠣᠭᠤᠷᠢᠭᠰᠠᠨ ᠦᠵᠡᠮᠵᠢ ᠶᠢᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠰᠬᠠᠶ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/27
     10 ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠨᠠᠭᠤᠷ ᠲᠣᠭᠤᠷᠢᠭᠰᠠᠨ ᠦᠵᠡᠮᠵᠢ ᠶᠢᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠰᠬᠠᠶ ᠪᠠᠶᠢᠴᠠᠭᠠᠨ ᠰᠤᠳᠤᠯᠪᠠ᠃ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠶᠠᠩ ᠶᠢᠨ ᠨᠠᠭᠤᠷ ᠲᠣᠭᠤᠷᠢᠭᠰᠠᠨ ᠦᠵᠡᠮᠵᠢ ᠶᠢᠨ ᠵᠠᠮ ᠳᠠᠭᠠᠤ ᠳᠤ ᠬᠦᠷᠴᠦ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ ᠵᠢᠴᠢ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠲᠦᠷᠦᠯ ᠵᠦᠢᠯ ᠢ ᠲᠦᠷᠭᠡᠳᠬᠡᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠠᠢ᠃      ᠶᠠᠩ ᠶᠢᠨ ᠵᠢᠭᠠᠵᠤ ᠭᠠᠷᠭᠠᠭᠰᠠᠨ ᠨᠢ᠂ ᠨᠠᠭᠤᠷ ᠲᠣᠭᠤᠷᠢᠭᠰᠠᠨ ᠦᠵᠡᠮᠵᠢ ᠶᠢᠨ ᠵᠠᠮ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠳᠠᠪᠬᠢ ᠲᠡᠭᠦᠯᠳᠡᠷ᠂ ᠵᠠᠮ ᠦᠵᠡᠮᠵᠢ ᠠᠭᠤᠰᠤᠯᠴᠠᠭᠰᠠᠨ᠂ ᠵᠤᠭᠠᠴᠠᠬᠤ ᠳᠤ ᠲᠣᠬᠢᠷᠠᠮᠵᠢᠲᠠᠢ ᠥᠨᠳᠥᠷ ᠶᠠᠰᠤ ᠴᠢᠨᠠᠷ ᠲᠠᠢ ᠨᠠᠭᠤᠷ ᠲᠣᠭᠤᠷᠢᠭᠰᠠᠨ ᠦᠵᠡᠮᠵᠢ ᠶᠢᠨ ᠵᠠᠮ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠵᠠᠮ ᠳᠠᠭᠠᠤ ᠶᠢᠨ ᠣᠷᠴᠢᠨ ᠲᠣᠭᠤᠷᠢᠨ ᠤ ᠣᠨᠴᠠᠯᠢᠭ ᠲᠠᠢ ᠤᠶᠠᠯᠳᠤᠭᠤᠯᠤᠨ᠂ ᠨᠣᠭᠤᠭᠠᠷᠠᠭᠤᠯᠤᠯᠲᠠ ᠶᠢ ᠲᠠᠰ ᠳᠡᠪᠰᠢᠭᠦᠯᠬᠦ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠡᠯᠡᠭᠦᠴᠡᠯ ᠵᠢᠭᠤᠯᠴᠢᠯᠠᠯ ᠤᠨ ᠬᠤᠯᠪᠤᠭᠳᠠᠯ ᠪᠥᠬᠦᠶ ᠢᠵᠢ ᠪᠥᠷᠢᠳᠦᠭᠦᠯᠬᠦ ᠦᠢᠯᠡᠴᠢᠯᠡᠭᠡᠨ ᠤ ᠪᠡᠯᠡᠳᠬᠡᠮᠵᠢ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠠᠭᠤᠷ ᠲᠣᠭᠤᠷᠢᠭᠰᠠᠨ ᠵᠠᠮ ᠢ ᠨᠣᠭᠤᠭᠠᠷᠠᠭᠤᠯᠵᠤ ᠭᠤᠶᠤᠵᠢᠭᠤᠯᠬᠤ ᠬᠢᠷᠢ ᠲᠦᠪᠰᠢᠨ ᠪᠠ ᠠᠮᠢ ᠠᠬᠤᠶ ᠶᠢᠨ ᠦᠵᠡᠮᠵᠢ ᠶᠢᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠪᠥᠬᠦ ᠲᠠᠯ᠎ᠠ ᠶᠢᠨ ᠴᠢᠨᠠᠷᠲᠠᠶ ᠲᠥᠯᠥᠪᠵᠢᠭᠦᠯᠭᠡ ᠪᠠᠨ ᠴᠢᠩᠭᠠᠳᠬᠠᠵᠤ᠂ ᠬᠠᠲᠤᠨ ᠭᠤᠤᠯ ᠤᠨ ᠰᠣᠶᠣᠯ᠂ ᠠᠵᠤ ᠦᠢᠯᠡᠳᠪᠦᠷᠢ ᠶᠢᠨ ᠪᠠᠭᠤᠷᠢ ᠵᠡᠷᠭᠡ ᠵᠠᠮ ᠳᠠᠭᠠᠤ ᠶᠢᠨ ᠵᠢᠭᠤᠯᠴᠢᠯᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠵᠠᠮ ᠢᠶᠠᠷ ᠱᠤᠭᠤᠮ ᠪᠣᠯᠭᠠᠵᠤ᠂ ᠬᠡᠯᠬᠢᠶ᠎ᠡ ᠰᠤᠪᠤᠳ ᠢ ᠬᠤᠯᠪᠣᠵᠤ᠂ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠲᠠᠢ ᠣᠷᠭᠠᠨᠢᠭ ᠢᠶᠠᠷ ᠤᠶᠠᠯᠳᠤᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠶᠡᠭᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠴᠠᠭ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠬᠦᠴᠦᠯᠡᠨ ᠴᠢᠷᠮᠠᠶᠢᠵᠤ᠂ ᠠᠬᠢᠴᠠ ᠪᠠᠨ ᠲᠦᠷᠭᠡᠳᠬᠡᠨ᠂ ᠡᠯ᠎ᠡ ᠲᠥᠷᠥᠯ ᠵᠦᠢᠯ ᠢ ᠴᠠᠭ ᠤᠨ ᠵᠠᠩᠭᠢᠯᠠᠭ᠎ᠠ ᠶᠢᠨ ᠴᠢᠭ ᠢᠶᠠᠷ ᠤᠷᠤᠭᠰᠢᠲᠠᠶ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠲᠤᠯᠠᠵᠤ᠂ ᠨᠠᠭᠤᠷ ᠤᠨ ᠡᠷᠭᠢ ᠶᠢᠨ ᠱᠤᠭᠤᠮ ᠤᠨ ᠳᠦᠷᠰᠦ ᠪᠠᠶᠢᠳᠠᠯ ᠢ ᠲᠠᠰ ᠳᠡᠪᠰᠢᠭᠦᠯᠬᠦ ᠬᠡᠷᠡᠭᠲᠡᠶ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号