ᠶᠠᠩ ᠶᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠵᠢᠯᠣᠭᠤᠳᠬᠤ ᠭᠠᠵᠠᠷ ᠲᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠲᠤᠪᠠ
ᠨᠡᠶᠢᠲᠡᠯᠡᠭᠰᠡᠨ ᠴᠠᠭ᠄
2021/10/27
     10 ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠵᠢᠯᠣᠭᠤᠳᠬᠤ ᠭᠠᠵᠠᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃      ᠬᠤᠲᠠ ᠶᠢᠨ ᠳᠡᠳ᠋ ᠳᠠᠷᠤᠭ᠎ᠠ ᠬᠤᠤ ᠰᠢ ᠬᠤᠩ ᠬᠠᠮᠲᠤ ᠬᠢᠨᠠᠨ ᠵᠢᠯᠣᠭᠤᠳᠪᠠ᠃ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠵᠢᠯᠣᠭᠤᠳᠬᠤ ᠭᠠᠵᠠᠷ ᠲᠤ᠂ ᠶᠠᠩ ᠶᠢᠨ ᠠᠵᠢᠯ ᠤᠨ ᠪᠠᠶᠢᠷᠢ ᠳᠠᠭᠠᠨ ᠵᠢᠵᠢᠭᠦᠷᠯᠡᠨ ᠰᠠᠬᠢᠵᠦ ᠪᠠᠶᠢᠭ᠎ᠠ ᠬᠥᠮᠦᠰ ᠲᠠᠢ ᠳᠣᠲᠣᠨᠣ ᠪᠠᠷ ᠶᠠᠷᠢᠯᠴᠠᠵᠤ᠂ ᠬᠠᠮᠲᠤᠷᠠᠭᠰᠠᠨ ᠵᠢᠯᠣᠭᠤᠳᠬᠤ ᠭᠠᠵᠠᠷ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃      ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠲᠠ ᠶᠢᠨ ᠬᠢᠵᠢᠭ ᠤᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠷᠬᠡᠪᠰᠢ ᠬᠠᠮᠲᠤᠷᠠᠨ ᠵᠢᠯᠣᠭᠤᠳᠬᠤ ᠰᠢᠰᠲ᠋ᠧᠮ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠷᠢᠨ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠢᠯᠣᠭᠤᠳᠬᠤ ᠰᠢᠰᠲ᠋ᠧᠮ ᠲᠣᠭᠲᠠᠴᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ︽ᠵᠢᠯᠣᠭᠤᠳᠬᠤ ᠲᠥᠪ︾᠎ ᠤᠨ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠷᠠᠯᠲᠠ ᠪᠣᠳᠠᠲᠠᠢ᠂ ᠲᠤᠰᠬᠠᠯ ᠲᠦᠷᠭᠡᠨ᠂ ᠠᠵᠢᠯᠯᠠᠭ᠎ᠠ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠢᠭᠲᠠ ᠤᠢᠢᠷᠠᠳᠤᠭᠰᠠᠳ ᠂ ᠲᠠᠮ ᠢᠶᠠᠷ ᠤᠢᠢᠷᠠᠳᠤᠭᠰᠠᠳ ᠢ ᠰᠢᠯᠵᠢᠭᠦᠯᠦᠨ ᠲᠣᠬᠢᠷᠠᠭᠤᠯᠬᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠬᠢᠨᠠᠨ ᠪᠠᠶᠢᠴᠠᠭᠠᠭᠰᠠᠨ ᠪᠠᠶᠢᠳᠠᠯ ᠢ ᠨᠢ ᠦᠨᠳᠦᠰᠦᠯᠡᠨ᠂ ᠬᠠᠮᠤᠭ ᠤᠨ ᠲᠡᠷᠢᠭᠦᠨ ᠳᠤ ᠬᠤᠯᠪᠣᠭᠳᠠᠯ ᠪᠦᠬᠦᠢ ᠬᠥᠮᠦᠰ ᠲᠤ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠨ ᠠᠵᠢᠭᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠥᠷᠭᠡᠵᠢᠨ ᠲᠠᠷᠬᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠨ ᠡᠵᠡᠮᠳᠡᠬᠦ ᠪᠠᠨ ᠣᠨᠴᠠᠭᠠᠶᠢᠯᠠᠨ ᠴᠢᠩᠭᠠᠳᠬᠠᠵᠤ᠂ ᠲᠠᠷᠢᠶᠠᠯᠠᠬᠤ ᠣᠷᠣᠨ᠂ ᠪᠠᠭ᠎ᠠ ᠲᠣᠭᠤᠷᠢᠭ᠂ ᠰᠤᠷᠭᠠᠭᠤᠯᠢ᠂ ᠵᠣᠴᠢᠳ ᠤᠨ ᠪᠠᠭᠤᠳᠠᠯ ᠬᠤᠭᠤᠯᠠᠨ ᠭᠡᠷ᠂ ᠬᠤᠳᠠᠯᠳᠤᠭᠠᠨ ᠤ ᠳᠡᠯᠭᠡᠭᠦᠷ ᠴᠢᠯᠦᠭᠡᠲᠤ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠴᠤᠭᠯᠠᠷᠠᠯ ᠤᠨ ᠴᠢᠨᠠᠷᠲᠠᠢ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠥᠮᠦᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠤᠷᠵᠢᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠬᠥᠮᠦᠰ ᠤᠨ ᠪᠠᠶᠢᠳᠠᠯ ᠢ ᠣᠨᠣᠪᠴᠢᠲᠠᠢ ᠡᠵᠡᠮᠰᠢᠵᠦ᠂ ᠰᠠᠭᠤᠷᠢ ᠲᠤᠭ᠎ᠠ ᠶᠢ ᠨᠢ ᠲᠣᠳᠣᠷᠬᠠᠢ ᠣᠶᠢᠯᠠᠭᠠᠵᠤ᠂ ᠪᠠᠯᠠᠢ ᠭᠠᠵᠠᠷ ᠢ ᠡᠷᠡᠰ ᠠᠷᠢᠯᠭᠠᠬᠤ ᠬᠡᠷᠡᠭᠲᠡᠢ᠃ ᠠᠵᠢᠯ ᠤᠨ ᠳᠤᠲᠠᠭᠤᠳᠠᠯ ᠢᠶᠠᠨ ᠪᠠᠷᠢᠮᠵᠢᠶ᠎ᠠ ᠳᠤ ᠵᠣᠬᠢᠴᠠᠭᠤᠯᠤᠨ ᠨᠥᠬᠦᠪᠥᠷᠢᠯᠡᠵᠦ᠂ ᠳᠠᠯᠳᠠ ᠳᠤᠲᠠᠭᠳᠠᠯ ᠪᠠ ᠪᠠᠭᠤᠷᠠᠶ ᠭᠤᠭᠴᠤᠭ᠎ᠠ ᠶᠢ ᠨᠢ ᠴᠠᠭ ᠲᠤᠬᠠᠶ ᠳᠤᠨᠢ ᠢᠯᠡᠷᠡᠭᠦᠯᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢᠨ ᠬᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠤᠰᠬᠠᠢ ᠳᠤᠭᠤᠶᠢᠯᠠᠩ ᠤᠨ ᠬᠠᠮᠵᠢᠯᠴᠠᠨ ᠪᠠᠶᠢᠯᠳᠤᠬᠤ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠥᠮᠦᠰ ᠤᠨ ᠬᠦᠴᠦᠨ ᠢ ᠲᠤᠬᠢᠷᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号