ᠬᠠᠶᠢᠷᠤᠪ ᠤᠨ ᠲᠤᠬᠤᠢ ᠲᠤᠭᠤᠷᠢᠭ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠠᠵᠢᠯ ᠲᠣᠭᠲᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2021/11/24
     ᠬᠠᠶᠢᠷᠤᠪ ᠤᠨ ᠲᠤᠬᠤᠢ ᠶᠢᠨ ᠲᠣᠭᠤᠷᠢᠭ ᠲᠤ ᠣᠳᠣᠬᠠᠨ ᠳᠤ A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ 12 ᠪᠠᠶᠢᠵᠤ᠂ ᠵᠤᠭᠠᠴᠠᠯ ᠤᠨ ᠬᠤᠷᠢᠶ᠎ᠠ᠂ ᠬᠤᠪᠢᠶᠠᠷᠢ ᠬᠤᠷᠢᠶ᠎ᠠ 21 ᠪᠠᠶᠢᠵᠤ᠂ ᠤᠳᠤᠨ ᠲᠡᠰ ᠤᠨ ᠪᠠᠭᠤᠳᠠᠯ 1 ᠪᠤᠢ︔ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ 6 ᠪᠠᠶᠢᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠵᠢᠯ ᠤᠨ ᠣᠷᠣᠯᠭ᠎ᠠ 118.3 ᠲᠦᠮᠡᠨ ᠲᠥᠭᠦᠷᠢᠭ ᠲᠤ ᠬᠦᠷᠴᠦ᠂ 25607 ᠵᠤᠭᠠᠴᠠᠭᠰᠠᠳ ᠢ ᠭᠥᠯᠢᠶᠡᠨ ᠠᠪᠴᠠᠶ᠃ ᠲᠦᠷᠦᠭᠦᠦ ᠭᠤᠷᠪᠠᠨ ᠤᠯᠠᠷᠢᠯ ᠳᠤ᠂ ᠪᠦᠬᠦ  ᠲᠤᠭᠤᠷᠢᠭ ᠨᠡᠶᠢᠳᠡ 20.76 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠦᠵᠡᠮᠵᠢ ᠶᠢᠨ ᠣᠷᠣᠨ ᠤ ᠵᠤᠭᠠᠴᠠᠯ ᠤᠨ ᠶᠡᠷᠦᠩᠬᠡᠢ ᠣᠷᠣᠯᠭ᠎ᠠ 1549.45 ᠲᠦᠮᠡᠨ ᠲᠥᠭᠦᠷᠢᠭ ᠲᠤ ᠬᠦᠷᠴᠡᠢ᠃       ᠬᠠᠶᠢᠷᠤᠪ ᠤᠨ ᠲᠤᠬᠤᠢ ᠶᠢᠨ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ ᠳᠣᠲᠣᠷᠠᠬᠢ ᠡᠯ᠎ᠡ A ᠳᠡᠰ ᠤᠨ ᠦᠵᠡᠮᠵᠢ ᠶᠢᠨ ᠣᠷᠣᠨ ᠤ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ᠂ ᠦᠵᠡᠮᠵᠢ ᠶᠢᠨ ᠣᠷᠣᠨ ᠤ ᠳᠣᠲᠣᠷᠠᠬᠢ ᠲᠡᠮᠳᠡᠭ ᠫᠠᠶᠢᠰᠠ ᠶᠢ ᠳᠡᠭᠡᠭᠰᠢᠯᠡᠭᠦᠯᠦᠨ ᠴᠣᠭᠴᠠᠯᠠᠵᠤ᠂ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠭᠠᠵᠠᠷ ᠲᠤ ᠪᠦᠬᠦ ᠣᠷᠣᠨ ᠪᠦᠰᠡ ᠶᠢᠨ ᠪᠦᠬᠦ ᠦᠵᠡᠮᠵᠢ ᠶᠢᠨ ᠵᠢᠷᠤᠭ ᠢ 126 ᠲᠤᠬᠢᠷᠠᠭᠤᠯᠪᠠ᠃ ︽ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠵᠦ ᠲᠠᠷᠬᠠᠭᠠᠬᠤ ᠲᠥᠪ ᠤᠨ ᠵᠡᠷᠭᠡ ᠳᠡᠰ ᠤᠨ ᠬᠤᠪᠢᠶᠠᠷᠢᠯᠠᠯ ᠬᠢᠭᠡᠳ ᠦᠨᠡᠯᠡᠨ ᠲᠣᠭᠲᠠᠭᠠᠯᠲᠠ︾᠎ ᠶᠢᠨ ᠪᠠᠷᠢᠮᠵᠢᠶ᠎ᠠ ᠶᠣᠰᠣᠭᠠᠷ᠂ ᠬᠠᠶᠢᠷᠤᠪ ᠤᠨ ᠲᠤᠬᠤᠢ ᠶᠢᠨ ᠲᠣᠭᠤᠷᠢᠭ ᠲᠤ ᠠᠶᠠᠨᠴᠢᠳ ᠤᠨ ᠲᠡᠭᠡᠭᠡᠪᠦᠷᠢ ᠶᠢᠨ ᠰᠢᠨ᠎ᠡ ᠭᠤᠤᠯ ᠥᠷᠲᠡᠭᠡ ᠳᠣᠲᠣᠷ᠎ᠠ ᠵᠢᠭᠤᠯᠴᠢᠯᠠᠯ ᠤᠨ ᠲᠥᠪᠯᠡᠷᠡᠭᠦᠯᠵᠦ ᠲᠠᠷᠬᠠᠭᠠᠬᠤ ᠲᠥᠪ ᠪᠠᠶᠢᠭᠤᠯᠤᠨ᠎ᠠ︔ ︽ᠤᠶᠤᠨᠲᠤ ᠵᠤᠭᠠᠴᠠᠯ ᠤᠨ ᠬᠠᠶᠢᠷᠤᠪ ᠤᠨ ᠪᠤᠯᠤᠩ︾᠎ ᠢᠶᠠᠷ ᠬᠦᠳᠦᠯᠦᠨ ᠳᠠᠭᠠᠭᠤᠯᠵᠤ᠂ ᠰᠣᠶᠣᠯ ᠵᠤᠭᠠᠴᠠᠯ ᠤᠨ ᠰᠢᠨ᠎ᠡ ᠵᠠᠭᠤᠴᠢᠯᠠᠭᠤᠷ ᠤᠨ ᠵᠢᠭᠰᠠᠭᠠᠯ ᠢᠶᠠᠷ ᠲᠦᠰᠢᠭ ᠪᠣᠯᠭᠠᠭᠰᠠᠨ ᠤᠶᠤᠨᠴᠢᠯᠠᠭᠰᠠᠨ ᠰᠦᠯᠵᠢᠶᠡᠨ ᠤ ᠦᠢᠯᠡᠴᠢᠯᠡᠭᠡᠨ ᠤ  ᠰᠢᠰᠲ᠋ᠧᠮ ᠢ ᠪᠠᠶᠢᠭᠤᠯᠪᠠ᠃     ᠬᠤᠶᠢᠰᠢᠳᠠ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠦᠳᠦᠬᠡᠨ ᠪᠠᠶᠢᠭᠤᠯᠬᠤ ᠶᠢᠨ ᠲᠣᠭᠤᠷᠢᠨ ᠳᠤ᠂ ᠬᠠᠶᠢᠷᠤᠪ ᠤᠨ ᠲᠤᠬᠤᠢ ᠶᠢᠨ ᠬᠠᠳᠤᠨ ᠭᠤᠣᠯ ᠳᠠᠭᠠᠤ ᠶᠢᠨ ᠵᠠᠰᠠᠮᠠᠯ ᠵᠠᠮ᠂ ᠯᠦᠩ ᠶᠢᠤ ᠸᠠᠨ ᠤ ᠨᠤᠭᠤ ᠭᠠᠵᠠᠷ ᠠᠴᠠ  ᠴᠡᠭᠡᠯ ᠠᠭᠤᠯᠠ ᠪᠠᠯᠭᠠᠰᠤ ᠶᠢᠨ ᠸᠠᠩ ᠶᠤᠸᠠᠨ ᠳ᠋ᠢ ᠲᠣᠰᠬᠤᠨ ᠤ ᠦᠵᠡᠮᠵᠢ ᠶᠢᠨ ᠣᠷᠣᠨ ᠬᠦᠷᠬᠦ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠪᠢᠲᠡᠭᠦᠮᠵᠢᠯᠡᠭᠰᠡᠨ ᠬᠡᠯᠪᠡᠷᠢ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠵᠡᠮᠵᠢ ᠶᠢᠨ ᠣᠷᠣᠨ ᠢ ᠪᠦᠳᠦᠬᠡᠨ ᠪᠠᠶᠢᠭᠤᠯᠵᠤ᠂ ᠵᠤᠭᠠᠴᠠᠯ ᠤᠨ ᠬᠡᠯᠪᠡᠷᠢ ᠶᠢ ᠬᠤᠪᠢᠷᠠᠭᠤᠯᠤᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ︔ ᠣᠲᠣ ᠶᠢᠨ ᠪᠠᠶᠢᠭ᠎ᠠ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠢ ᠴᠢᠨᠠᠷ ᠰᠠᠶᠢᠲᠠᠶ ᠲᠥᠯᠥᠪᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠪᠠᠷ ᠭᠠᠷᠳᠠᠴᠠ ᠪᠣᠯᠭᠠᠨ᠂ ᠤᠰᠤᠲᠥ᠋ᠷᠥᠭᠴᠢ ᠪᠠᠷ ᠰᠠᠭᠤᠷᠢ ᠪᠣᠯᠭᠠᠭᠰᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠤᠶᠢᠯᠡᠰ ᠢᠶᠠᠷ ᠭᠤᠤᠯ ᠰᠡᠳᠦᠪ ᠪᠣᠯᠭᠠᠵᠤ᠂ ᠣᠲᠣ ᠦᠶ᠎ᠡ ᠶᠢᠨ ᠠᠵᠤ ᠤᠶᠢᠯᠡᠤᠡᠪᠤᠷᠢ ᠶᠢᠨ ᠰᠠᠯᠬᠢᠨ ᠤ ᠭᠤᠤᠯ ᠰᠡᠳᠦᠪᠲᠦ ᠦᠵᠡᠮᠵᠢ ᠶᠢᠨ ᠣᠷᠣᠨ ᠢ ᠪᠣᠶ ᠪᠣᠯᠭᠠᠨ᠎ᠠ︔ ᠣᠶᠤᠨᠴᠢ ᠵᠤᠭᠠᠴᠠᠯ ᠤᠨ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠪᠣᠯᠤᠨ ᠡᠷᠬᠢᠨ ᠲᠣᠭᠤᠷᠢᠨ ᠤ ᠭᠠᠵᠠᠷ ᠣᠷᠣᠨ ᠤ ᠲᠤᠮᠤ ᠵᠤᠭᠠᠴᠠᠯ ᠤᠨ ᠲᠤᠭᠤᠷᠢᠭ ᠤᠨ ᠲᠣᠣᠷᠵᠢᠯ ᠢ ᠪᠦᠷᠢᠯᠳᠦᠭᠦᠯᠬᠦ ᠶᠢ ᠠᠬᠢᠭᠤᠯᠤᠨ᠎ᠠ︔ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠲᠡᠮᠳᠡᠭ ᠫᠠᠶᠢᠰᠠ᠂ ᠵᠢᠭᠤᠯᠴᠢᠯᠠᠭᠴᠢᠳ ᠤᠨ ᠤᠯᠠᠭ᠎ᠠ ᠥᠷᠲᠡᠭᠡ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠵᠢᠷᠤᠭᠯᠠᠨ ᠲᠥᠯᠥᠪᠯᠡᠬᠦ ᠪᠠ ᠤᠶᠢᠯᠡᠤᠡᠬᠦ ᠶᠢ ᠠᠬᠢᠭᠤᠯᠵᠤ᠂ ᠪᠦᠬᠦᠯᠢ ᠴᠣᠭᠴᠠ ᠪᠠᠷ ᠨᠢ ᠠᠯᠬᠤᠮ ᠠᠯᠬᠤᠮ ᠢᠶᠠᠷ ᠠᠬᠢᠭᠤᠯᠤᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠡᠭᠦᠳᠦᠨ ᠪᠠᠶᠢᠭᠤᠯᠬᠤ ᠥᠨᠢᠷ ᠥᠳᠬᠡᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号