ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2021/11/26
     2021 ᠣᠨ ᠤ 11 ᠰᠠᠷ᠎ᠠ ᠶᠢᠨ 25᠎ ᠤ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ  ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠸᠧᠨ ᠯᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠦᠩ ᠸᠧᠢ ᠳ᠋ᠧ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠭᠦᠢᠴᠡᠳ ᠨᠤᠲᠠᠯᠠᠵᠠᠢ᠃ ᠬᠤᠷᠠᠯ ᠳᠡᠭᠡᠷ᠎ᠡ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠ ᠸᠧᠨ ᠯᠢ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠶᠢ ᠳᠠᠭᠠᠭᠤᠯᠤᠨ ᠰᠤᠷᠤᠯᠴᠠᠭᠰᠠᠨ ᠪᠥᠭᠡᠳ ᠲᠦᠷᠦᠭᠦᠯᠡᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠰᠢ ᠤᠷᠤᠭᠰᠢᠯᠠᠬᠤ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠨᠠᠮ ᠤᠨ ︽ᠲᠡᠦᠬᠡᠨ ᠠᠬᠢᠴᠠ︾ ᠪᠠ ︽ᠦᠵᠡᠯ ᠰᠠᠨᠠᠭᠠᠨ ᠤ ᠠᠬᠢᠴᠠ︾᠎ ᠶᠢᠨ ᠴᠢᠬᠤᠯᠠ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠨᠢᠭᠲᠠᠷᠠᠭᠤᠯᠵᠤ᠂ ᠪᠦᠬᠦ ᠨᠠᠮ ᠢᠶᠠᠷ ᠢᠶᠠᠨ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ ᠳᠤ ᠰᠢᠢᠤᠡᠪᠤᠷᠢᠯᠡᠭᠴᠢ ᠴᠢᠨᠠᠷᠲᠠᠶ ᠠᠴᠢ ᠬᠤᠯᠪᠣᠭᠳᠠᠯ ᠲᠠᠢ ᠶᠤᠮ᠃     ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠤᠭ᠎ᠠ ᠪᠦᠷᠢᠳᠬᠡᠯ ᠤᠨ ᠠᠵᠢᠯ ᠳᠤ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠡᠮᠵᠢᠵᠦ ᠵᠠᠳᠠᠯᠤᠨ ᠰᠤᠳᠤᠯᠵᠤ ᠮᠠᠭᠠᠳᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠤᠨᠤᠯ ᠤᠨ ᠮᠡᠳᠡᠯᠭᠡ ᠶᠢ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号