ᠹᠧᠩ ᠬᠤᠸᠠᠩ ᠯᠢᠩ ᠵᠡᠭᠡᠯᠢ ᠭᠤᠳᠤᠮᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/29
    11 ᠰᠠᠷ᠎ᠠ ᠶᠢᠨ 25᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠯᠢ ᠴᠢᠶᠠᠨ ᠡᠷᠬᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃
    ᠬᠤᠷᠠᠯ ᠳᠡᠭᠡᠷ᠎ᠡ᠂ ᠯᠢ ᠴᠢᠶᠠᠨ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠤᠯᠠᠷᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠬᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠨᠡᠶᠢᠭᠡᠮ ᠲᠣᠭᠤᠷᠢᠭ ᠤᠨ ᠬᠢᠨ ︽ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ︾᠎ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠶᠡᠭᠡ ᠠᠵᠢᠯᠯᠠᠭ᠎ᠠ︾᠎ ᠶᠢᠨ ᠠᠵᠢᠯ ᠤᠨ ᠲᠥᠰᠦᠯ︾᠎ ᠤᠨ ᠲᠣᠭᠤᠷᠢᠨ ᠳᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠵᠤ᠂ ᠪᠦᠬᠦ ᠵᠢᠯ ᠤᠨ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠬᠦ ᠪᠠ ︽ᠡᠷᠬᠢᠨ ᠬᠠᠷᠠᠬᠤ︾ ᠠᠵᠢᠯ ᠢ ᠬᠢᠵᠦ᠂ ᠪᠠᠷᠢᠮᠵᠢᠶ᠎ᠠ ᠶᠢ ᠬᠠᠷᠭᠤᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠪᠠᠭᠤᠷᠠᠭᠤᠯᠤᠨ᠂ ᠳᠤᠲᠠᠭᠤᠳᠠᠯ ᠢ ᠨᠥᠬᠦᠪᠥᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠠᠮᠤᠭ ᠰᠡᠬᠦᠯ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠭᠦᠸᠧ ᠵᠧᠨ ᠠᠢ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ︽ᠨᠢᠭᠡᠳᠦᠭᠡᠷ ᠬᠠᠷᠢᠭᠤᠴᠠᠯᠭᠠᠲᠠᠨ︾᠎ ᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠣᠯ ᠠᠵᠢᠯ ᠢ ᠭᠦᠨᠵᠡᠭᠡᠢ ᠠᠭᠤᠰᠤᠯᠴᠠᠭᠤᠯᠵᠤ᠂ ᠴᠢᠩᠭ᠎ᠠ ᠨᠢᠮᠪᠠᠢ ᠣᠪᠣᠷ᠂ ᠨᠠᠷᠢᠨ ᠨᠢᠮᠪᠠᠢ ᠰᠤᠷᠲᠠᠯ ᠢᠶᠠᠷ ᠭᠤᠣᠯᠳᠠᠯᠭ᠎ᠠ ᠲᠠᠢ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠱᠠᠳᠤ ᠱᠠᠳᠤ ᠪᠠᠷ ᠵᠠᠳᠠᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号