︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠬᠠᠭᠤᠯᠭ᠎ᠠ
ᠨᠡᠶᠢᠲᠡᠯᠡᠭᠰᠡᠨ ᠴᠠᠭ᠄
2021/11/29
     ᠰᠠᠭᠤᠭᠠᠯᠢ ᠠᠷᠠᠳ ᠤᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯ ᠤᠨ ᠲᠤᠬᠠᠶ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠎ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠵᠧᠨ ᠪᠸᠢ ᠨᠡᠶᠢᠭᠡᠮ ᠲᠣᠭᠤᠷᠢᠭ ᠲᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠬᠤᠳᠠᠯᠳᠤᠭᠠᠨ ᠤ ᠡᠷᠦᠬᠡ ᠪᠠᠷ ᠠᠶᠢᠯᠴᠢᠯᠠᠬᠤ᠂ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯ ᠳᠤ ᠣᠷᠣᠯᠴᠠᠭᠤᠯᠬᠤ ᠪᠠᠷ ᠤᠷᠢᠶᠠᠯᠠᠨ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号