ᠬᠠᠶᠢᠷᠤᠪ ᠤᠨ ᠲᠤᠬᠤᠢ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠮᠥᠩᠬᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾᠎ ᠤᠨ ᠦᠢᠯᠡᠴᠢᠯᠡᠭᠡᠨ ᠤ ᠨᠡᠷᠡᠲᠦ ᠲᠡᠮᠳᠡᠭ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2021/11/29
     ︽ᠮᠥᠩᠬᠡ ᠰᠤᠪᠠᠭ᡻. ᠨᠢᠭᠡ ᠯᠡ ᠤᠳᠠᠭ᠎ᠠ ᠳᠤ ᠭᠦᠢᠴᠡᠳᠬᠡᠬᠦ︾᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ︽ᠪᠠᠭᠤᠯᠭᠠᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠠᠵᠤ ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠦ᠂ ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠴᠤᠩᠬᠤᠪᠴᠢ ᠪᠠᠶᠢᠭᠤᠯᠬᠤ ᠪᠠᠷ ᠳᠠᠮᠵᠢᠭᠤᠯᠵᠤ᠂ ᠴᠤᠩᠬᠤᠪᠴᠢ ᠶᠢᠨ ᠠᠵᠢᠯᠳᠠᠨ ᠤ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠨᠢᠭᠡᠴᠡ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭ ᠬᠠᠭᠤᠳᠠᠰᠤ᠂ ᠨᠢᠭᠡ ᠤᠳᠠᠭ᠎ᠠ ᠳᠤ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠨᠢᠭᠡ ᠤᠳᠠᠭ᠎ᠠ ᠳᠤ ᠦᠨᠡᠮᠯᠡᠯ ᠣᠯᠭᠤᠬᠤ︾᠎ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠷᠢᠵᠦ ᠤᠯᠬᠤ᠂ ᠦᠵᠡᠵᠦ ᠣᠶᠢᠯᠠᠭᠠᠬᠤ᠂ ᠭᠦᠢᠴᠡᠳᠬᠡᠵᠦ ᠳᠡᠶᠢᠯᠬᠦ ᠪᠣᠯᠭᠠᠬᠤ ᠶᠢ ᠪᠡᠶᠡᠯᠡᠭᠦᠯᠪᠡ᠃      ᠣᠶᠢᠷ᠎ᠠ ᠳᠤ᠂ ᠬᠠᠶᠢᠷᠤᠪ ᠤᠨ ᠲᠣᠬᠤᠶ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷᠯᠢᠭ ᠲᠤ᠂ ᠬᠠᠶᠢᠷᠤᠪ ᠤᠨ ᠲᠣᠬᠤᠶ ᠶᠢᠨ ᠲᠣᠭᠤᠷᠢᠭ ᠲᠤ ᠰᠠᠭᠤᠭ᠎ᠠ ᠷᠧᠨ ᠠᠪᠤᠭᠠᠶ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠠᠩᠬᠠᠳᠤᠭᠠᠷ ᠤᠳᠠᠭ᠎ᠠ ᠶᠢᠨ ᠠᠯᠪᠠᠨ ᠬᠡᠷ︾᠎ ᠤᠨ ᠴᠣᠩᠬᠤᠨ ᠠᠴᠠ ᠡᠵᠡᠩᠨᠡᠯᠲᠡ ᠶᠢᠨ ᠦᠨᠡᠮᠯᠡᠯ᠂ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠵᠢᠴᠢ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠤᠨ ᠴᠣᠬᠤᠯᠠᠪᠤᠷᠢ ᠶᠢᠨ ᠬᠠᠭᠤᠳᠠᠰᠤ ᠶᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠠᠪᠤᠭᠰᠠᠨ ᠢ ᠣᠯᠵᠤ ᠬᠠᠷᠠᠪᠠ᠃     ︽ᠥᠩᠭᠡᠷᠡᠭᠰᠡᠨ ᠳᠤ᠂ ᠵᠥᠪᠬᠡᠨ ᠡᠵᠡᠩᠨᠡᠯᠲᠡ ᠶᠢᠨ ᠦᠨᠡᠮᠯᠡᠯ ᠢ ᠬᠡᠳᠦ ᠤᠳᠠᠭ᠎ᠠ ᠭᠦᠢᠴᠡᠳᠬᠡᠭᠡᠳ ᠰᠠᠶ᠋ᠢ ᠭᠦᠢᠴᠡᠳᠬᠡᠵᠦ ᠴᠢᠳᠠᠳᠠᠭ ᠪᠠᠶᠢᠵᠠᠶ᠂ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ ᠢ ᠲᠤᠰᠢᠶᠠᠭᠰᠠᠨ ᠮᠠᠲ᠋ᠧᠷᠢᠶᠠᠯ ᠢᠶᠠᠨ ᠴᠤ ᠵᠢᠷᠭᠤᠭ᠎ᠠ ᠳᠣᠯᠣᠭᠠᠨ ᠡᠳᠦᠷ ᠤᠨ ᠳᠠᠷᠠᠭ᠎ᠠ ᠰᠠᠶ᠋ᠢ ᠣᠯᠳᠠᠭ ᠪᠠᠶᠢᠵᠠᠶ᠂ ᠣᠳᠣᠬᠠᠨ ᠳᠤ ᠲᠡᠶᠢᠮᠦ ᠤᠷᠲᠤ ᠬᠤᠭᠤᠴᠠᠭ᠎ᠠ ᠬᠦᠯᠢᠶᠡᠬᠦ ᠬᠡᠷᠡᠭ ᠦᠭᠡᠶ᠂ ︿ᠮᠣᠩᠭᠤᠯ ᠤᠨ ᠲᠦᠷᠭᠡᠨ ᠭᠦᠢᠴᠡᠳᠬᠡᠬᠦ ᡻ ᠨᠢᠭᠡ ᠯᠡ ᠤᠳᠠᠭ᠎ᠠ ᠳᠤ ᠭᠦᠢᠴᠡᠳᠬᠡᠬᠦ﹀ ᠴᠣᠩᠬᠤᠨ ᠳᠤ ᠲᠤᠰᠢᠶᠠᠭᠰᠠᠨ ᠮᠠᠲ᠋ᠧᠷᠢᠶᠠᠯ ᠢᠶᠠᠨ ᠲᠤᠰᠢᠶᠠᠪᠠᠯ ᠳᠠᠷᠤᠶ ᠬᠦᠯᠢᠶᠡᠨ ᠠᠪᠴᠤ  ᠰᠢᠢᠤᠡᠪᠤᠷᠢᠯᠡᠴᠢᠭᠡᠨ᠎ᠡ︾ ᠭᠡᠵᠦ ᠬᠡᠯᠡᠪᠡ᠃ ︽ᠥᠩᠭᠡᠷᠡᠭᠰᠡᠨ ᠳᠤ᠂ ᠡᠵᠡᠩᠨᠡᠯᠲᠡ ᠶᠢᠨ ᠦᠨᠡᠮᠯᠡᠯ ᠢᠶᠠᠨ ᠲᠤᠰᠢᠶᠠᠪᠠᠯ ᠰᠠᠶ᠋ᠢ ᠡᠷᠡᠭᠦᠯ ᠬᠠᠮᠠᠭᠠᠯᠠᠯ ᠤᠨ ᠵᠥᠪᠰᠢᠶᠡᠷᠡᠯ ᠤᠨ ᠦᠨᠡᠮᠯᠡᠯ ᠢᠶᠠᠨ ᠲᠤᠰᠢᠶᠠᠪᠠᠯ ᠰᠠᠶ᠋ᠢ ᠦᠨᠡᠮᠯᠡᠯ ᠢᠶᠠᠨ ᠣᠯᠵᠤ ᠪᠣᠯᠤᠨ᠎ᠠ᠃ ᠷᠧᠨ ᠠᠪᠤᠭᠠᠶ ᠡᠨᠡ ᠤᠳᠠᠭ᠎ᠠ ᠶᠢᠨ ᠦᠢᠯᠡᠴᠢᠯᠡᠭᠡ ᠳᠤ ᠮᠠᠰᠢ ᠬᠠᠨᠤᠮᠵᠢᠲᠠᠶ ᠪᠠᠶᠢᠵᠤ᠂ ᠨᠢᠭᠡ ᠲᠠᠯ᠎ᠠ ᠪᠠᠷ ︽ᠰᠠᠶᠢᠨ ᠮᠠᠭᠤ ᠶᠢᠨ ᠦᠨᠡᠯᠡᠯᠲᠡ︾᠎ ᠶᠢᠨ ᠦᠨᠡᠯᠡᠭᠦᠷ ᠲᠤ ︽ᠮᠠᠰᠢ ᠬᠠᠨᠤᠮᠵᠢᠲᠠᠶ︾ ᠭᠡᠰᠡᠨ ᠳᠠᠷᠤᠪᠴᠢ ᠶᠢ ᠳᠠᠷᠤᠵᠤ᠂ ᠨᠥᠭᠦᠭᠡ ᠲᠠᠯ᠎ᠠ ᠪᠠᠷ᠄ ︽ᠣᠳᠣᠬᠠᠨ ᠳᠤ ᠠᠵᠢᠯᠲᠠᠳ ᠤᠨ ᠣᠪᠣᠷ ᠨᠢ ᠬᠠᠯᠠᠭᠤᠮᠰᠤᠭ᠂ ᠦᠢᠯᠡᠴᠢᠯᠡᠭᠡ ᠨᠢ ᠪᠦᠷᠢᠨ ᠭᠦᠢᠴᠡᠳ ᠪᠠᠶᠢᠬᠤ ᠪᠠᠷ ᠪᠠᠷᠠᠬᠤ ᠦᠭᠡᠶ᠂ ᠶᠠᠪᠤᠴᠠ ᠨᠢ ᠴᠦ ᠳᠥᠭᠦᠮ ᠬᠢᠯᠪᠠᠷ᠂ ᠬᠤᠶᠠᠷ ᠬᠠᠭᠤᠳᠠᠰᠤ ᠬᠦᠰᠦᠨᠦᠭ ᠲᠠᠭᠯᠠᠵᠤ᠂ ᠬᠡᠳᠦᠨ ᠡᠳᠦᠷ ᠪᠣᠯᠤᠯ ᠦᠭᠡᠶ ᠪᠠᠷ ᠭᠠᠷ ᠭᠦᠢᠴᠡᠳᠬᠡᠯ ᠢᠶᠠᠨ ᠪᠦᠷᠢᠨ ᠭᠦᠢᠴᠡᠳᠬᠡᠭᠰᠡᠨ ᠠᠴᠠ ᠪᠢ ᠡᠭᠦᠳᠡ ᠪᠠᠨ ᠨᠡᠭᠡᠭᠡᠵᠦ ᠠᠵᠢᠯᠯᠠᠵᠤ ᠴᠢᠳᠠᠬᠤ ᠪᠣᠯᠵᠠᠶ︾ ᠭᠡᠵᠦ ᠬᠡᠯᠡᠪᠡ᠃        ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠰᠠᠭᠠᠳ ᠲᠣᠳᠬᠠᠷ᠂ ᠡᠪᠡᠷᠰᠢᠶᠡᠯ ᠢ ᠦᠨᠡᠨᠬᠦ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠰᠠᠶᠢᠵᠢᠷᠠᠯᠲᠠ ᠶᠢ ᠪᠦᠲᠦᠮᠵᠢᠲᠡᠢ ᠠᠬᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠨᠢᠭᠡ ᠶᠠᠪᠤᠳᠠᠯ ᠢ ᠰᠢᠢᠳᠪᠦᠷᠢᠯᠡᠬᠦ ᠳᠤ ︽ᠨᠢᠭᠡ ᠯᠡ ᠴᠣᠩᠬᠤ︾᠎ ᠶᠢ ᠡᠷᠢᠬᠦ ᠶᠢ ᠪᠡᠶᠡᠯᠡᠭᠦᠯᠵᠡᠢ᠃ ᠣᠶᠢᠷ᠎ᠠ ᠶᠢᠨ 2 ᠰᠠᠷ᠎ᠠ ᠶᠢᠨ ᠲᠤᠷᠰᠢ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠤᠡᠭᠡᠬᠦ︾᠎ ᠪᠠᠷ ᠳᠡᠮᠵᠢᠨ ᠡᠷᠭᠢᠯᠡᠭᠰᠡᠨ ᠠᠵᠤ ᠠᠬᠤᠶᠢᠯᠠᠯ 28 ᠪᠣᠯᠵᠣ᠂ ᠭᠠᠷ ᠭᠦᠢᠴᠡᠤᠡᠭᠡᠯ ᠢ ᠬᠤᠶᠠᠷ ᠠᠵᠢᠯ ᠤᠨ ᠡᠳᠦᠷ ᠲᠤ ᠪᠥᠬᠦ ᠶᠠᠪᠤᠴᠠ ᠪᠠᠷ ᠭᠦᠢᠴᠡᠤᠡᠭᠡᠵᠤ ᠳᠠᠭᠤᠰᠬᠠᠬᠤ ᠶᠢ ᠪᠡᠶᠡᠯᠡᠭᠦᠯᠵᠦ᠂ ᠠᠷᠠᠳ ᠤᠨ ᠲᠥᠯᠥᠭᠡ ᠠᠵᠢᠯ ᠶᠠᠪᠤᠳᠠᠯ ᠭᠦᠢᠴᠡᠤᠡᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠬᠥᠭᠵᠢᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号