ᠪᠦᠬᠦ ᠬᠤᠲᠠ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2021/11/29
     11 ᠰᠠᠷ᠎ᠠ ᠶᠢᠨ 26᠎ ᠤ ᠡᠳᠦᠷ᠂ ᠪᠥᠬᠦ ᠬᠤᠲᠠ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠠᠶᠢᠨᠠᠨ ᠲᠣᠭᠤᠷᠢᠭ ᠤᠨ ᠰᠠᠶᠢᠬᠠᠬᠤᠰᠣ ᠲᠣᠰᠬᠤᠨ᠂ ᠷᠠᠰᠢᠵᠦ᠋ᠩ ᠵᠡᠭᠡᠯᠢ ᠭᠤᠳᠤᠮᠵᠢ ᠶᠢᠨ ᠬᠤᠸᠠ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠠᠮ ᠤᠨ ᠠᠵᠢᠯ ᠢ ᠢᠯᠡ ᠪᠣᠯᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠣᠭᠤᠷᠢᠨ ᠦᠵᠡᠪᠡ᠃ ᠳᠠᠷᠠᠭ᠎ᠠ ᠪᠠᠷ ᠨᠢ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠠᠴᠠ ᠪᠥᠬᠦ ᠬᠤᠲᠠ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠵᠠᠷᠯᠠᠨ ᠮᠡᠳᠡᠭᠳᠡᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠵᠢᠯ ᠢ ᠢᠯᠡ ᠪᠣᠯᠭᠠᠬᠤ ᠪᠣᠯ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠬᠦ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ᠂ ᠴᠢᠩᠭ᠎ᠠ ᠱᠠᠭᠠᠷᠳᠠᠯᠭ᠎ᠠ᠂ ᠯᠠᠪᠳᠠᠭᠤᠨ ᠪᠠᠲᠤᠲᠠᠢ ᠰᠤᠷᠲᠠᠯ ᠢᠶᠠᠷ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠤᠱᠯᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠠᠵᠢᠯ ᠢ ᠢᠯᠡ ᠪᠣᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠡᠨ ᠢᠯᠡ ᠪᠣᠯᠭᠠᠬᠤ︾ ︽ᠶᠠᠭᠤ ᠶᠢ ᠢᠯᠡ ᠪᠣᠯᠭᠠᠬᠤ︾ ᠪᠠ ︽ᠬᠡᠷᠬᠢᠨ ᠢᠯᠡ ᠪᠣᠯᠭᠠᠬᠤ︾ ᠠᠰᠠᠭᠤᠳᠠᠯ ᠢᠶᠠᠷ ᠭᠤᠤᠯᠯᠠᠭᠤᠯᠤᠨ᠂ ᠢᠯᠡ ᠪᠣᠯᠭᠠᠬᠤ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠣᠨᠣᠪᠴᠢᠲᠠᠶ ᠡᠵᠡᠮᠰᠢᠵᠦ᠂ ᠢᠯᠡ ᠪᠣᠯᠭᠠᠬᠤ ᠲᠠᠰ ᠳᠠᠷᠠᠭᠠᠯᠠᠯ ᠢᠶᠠᠨ ᠴᠢᠩᠳᠠᠯᠠᠵᠤ᠂ ᠢᠯᠡ ᠪᠣᠯᠭᠠᠬᠤ ᠵᠠᠭᠪᠤᠷ ᠤᠨ ᠰᠢᠨ᠎ᠡ ᠶᠢ ᠡᠭᠦᠳᠴᠦ᠂ ᠪᠥᠬᠦ ᠬᠤᠲᠠ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠶᠠᠰᠤ ᠴᠢᠨᠠᠷ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠠᠵᠢᠯ ᠢ ᠢᠯᠡ ᠪᠣᠯᠭᠠᠬᠤ ᠶᠢ ᠨᠠᠮ ᠤᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠨᠢ ᠲᠦᠷᠦᠭᠦᠯᠡᠨ ᠶᠡᠷᠦᠩᠬᠡᠶᠢᠯᠡᠨ ᠠᠳᠬᠤᠬᠤ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ ᠂ ᠨᠡᠶᠢᠯᠡᠮᠡᠯ ᠬᠦᠴᠦᠨ ᠢᠶᠠᠨ ᠨᠢᠭᠲᠠᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠠᠶᠢᠷᠤᠪ ᠤᠨ ᠲᠤᠬᠤᠢ ᠶᠢᠨ ᠲᠣᠭᠤᠷᠢᠭ᠂ ᠬᠠᠶᠢᠨᠠᠨ ᠤ ᠲᠣᠭᠤᠷᠢᠭ ᠤᠨ ᠬᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠠᠰᠤᠷᠠᠯᠳᠠ ᠦᠬᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠲᠤᠷᠰᠢᠯᠭ᠎ᠠ ᠪᠠᠨ ᠳ᠋ᠦᠩᠨᠡᠵᠦ᠂ ᠪᠦᠬᠦ ᠬᠤᠳᠠ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号