ᠬᠠᠶᠢᠷᠤᠪ ᠤᠨ ᠲᠤᠬᠤᠢ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠤᠶᠢᠯᠡᠴᠢᠯᠡᠭᠡᠨ ᠤ ᠲᠥᠪ ᠠᠳᠠᠯ ᠠᠬᠤᠶ ᠶᠢᠨ ᠤᠶᠢᠯᠡᠴᠢᠯᠡᠭᠡᠨ  ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠢᠨᠠᠨ ᠰᠢᠯᠭᠠᠬᠤ ᠨᠠᠷᠢᠨ ᠳᠦᠷᠢᠮ ᠤᠨ ᠪᠤᠯᠪᠠᠰᠤᠷᠠᠯ ᠢ ᠦᠷᠨᠢᠭᠦᠯᠪᠡ
ᠨᠡᠶᠢᠲᠡᠯᠡᠭᠰᠡᠨ ᠴᠠᠭ᠄
2021/11/30
     ᠠᠳᠠᠯ ᠠᠬᠤᠶ ᠶᠢᠨ ᠠᠵᠤ ᠠᠬᠤᠶᠢᠯᠠᠯ ᠤᠨ ᠤᠶᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠰᠦᠯᠵᠢᠶᠡᠨ ᠤ ᠠᠵᠢᠯᠲᠠᠨ ᠤ ᠶᠡᠷᠦᠩᠬᠡᠶᠢᠯᠡᠭᠰᠡᠨ ᠰᠢᠯᠭᠠᠨ ᠦᠨᠡᠯᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠥᠷᠭᠡᠨ ᠣᠯᠠᠨ ᠥᠮᠴᠢᠲᠡᠨ ᠤ ᠰᠢᠯᠭᠠᠨ ᠦᠨᠡᠯᠡᠬᠦ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 22᠎ ᠤᠨ ᠡᠳᠦᠷ ᠠᠴᠠ 25᠎ ᠤ ᠡᠳᠦᠷ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠡᠷ ᠬᠥᠷᠥᠩᠭᠡ ᠪᠠ ᠠᠳᠠᠯ ᠠᠬᠤᠶ ᠶᠢᠨ ᠤᠶᠢᠯᠡᠴᠢᠯᠡᠭᠡᠨ ᠤ ᠲᠥᠪ ᠨᠢ ᠬᠠᠶᠢᠷᠤᠪ ᠤᠨ ᠲᠣᠬᠤᠶ ᠶᠢᠨ ᠲᠣᠭᠤᠷᠢᠭ ᠤᠨ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠠᠵᠢᠯᠲᠠᠨ ᠲᠠᠢ ᠬᠠᠮᠲᠤᠷᠠᠨ 6 ᠬᠡᠷᠡᠭ ᠡᠷᠬᠢᠯᠡᠬᠦ ᠭᠠᠵᠠᠷ ᠤᠨ ᠭᠤᠷᠪᠠᠨ ᠵᠠᠭᠤ ᠭᠠᠷᠤᠶ ᠰᠦᠯᠵᠢᠶᠡᠨ ᠤ ᠠᠵᠢᠯᠲᠠᠨ ᠳᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠦᠷᠲᠡᠭᠡᠪᠡ᠃     ᠲᠣᠰ ᠤᠳᠠᠭᠠᠨ ᠤ ᠪᠣᠯᠪᠠᠰᠤᠷᠠᠭᠤᠯᠤᠯ ᠳᠤ ᠠᠳᠠᠯ ᠠᠬᠤᠶ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠵᠣᠷᠢᠯᠭ᠎ᠠ᠂ ᠠᠴᠢ ᠬᠤᠯᠪᠣᠭᠳᠠᠯ᠂ ᠠᠳᠠᠯ ᠠᠬᠤᠶ ᠶᠢᠨ ᠤᠶᠢᠯᠡᠴᠢᠯᠡᠭᠡᠨ ᠤ ᠠᠵᠤ ᠠᠬᠤᠶᠢᠯᠠᠯ ᠤᠨ ᠭᠠᠷᠠᠭ ᠤᠨ ᠬᠢᠨᠠᠨ ᠰᠢᠯᠭᠠᠯᠲᠠ᠂ ᠰᠠᠷ᠎ᠠ ᠶᠢᠨ ᠬᠢᠨᠠᠨ ᠰᠢᠯᠭᠠᠯᠲᠠ ᠪᠠ ᠣᠨ ᠤ ᠬᠢᠨᠠᠨ ᠰᠢᠯᠭᠠᠯᠲᠠ ᠶᠢᠨ ᠬᠤᠪᠢ ᠲᠣᠭᠲᠠᠭᠠᠬᠤ ᠨᠠᠷᠢᠨ ᠲᠦᠷᠢᠮ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠨᠡᠮᠡᠬᠦ ᠵᠤᠶᠢᠯ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠶᠢᠨ ᠪᠣᠳᠠᠲᠠᠶ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠨ᠎ᠠ᠃ ᠤᠯᠠᠨ ᠤ ᠪᠣᠳᠠᠲᠤ ᠪᠠᠶᠢᠳᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠲᠥᠭᠡᠷᠢᠭᠳᠡᠯ ᠳᠤ ᠬᠠᠷᠢᠭᠤᠯᠲᠠ ᠥᠭᠪᠡ᠃    ᠬᠠᠶᠢᠷᠤᠪ ᠤᠨ ᠲᠤᠬᠤᠢ ᠲᠣᠭᠤᠷᠢᠭ ᠤᠨ 6 ᠬᠡᠷᠡᠭ ᠡᠷᠬᠢᠯᠡᠬᠦ ᠭᠠᠵᠠᠷ ᠤᠨ 324 ᠰᠦᠯᠵᠢᠶᠡᠨ ᠤ ᠠᠵᠢᠯᠲᠠᠳ ᠲᠤ ᠰᠦᠯᠵᠢᠶᠡᠨ ᠳᠡᠭᠡᠷᠡᠬᠢ ᠪᠣᠯᠪᠠᠰᠤᠷᠠᠯ ᠬᠦᠷᠲᠡᠭᠡᠬᠦ ᠪᠠᠷ ᠳᠠᠮᠵᠢᠭᠤᠯᠵᠤ᠂ ᠰᠦᠯᠵᠢᠶᠡᠨ ᠤ ᠠᠵᠢᠯᠲᠠᠳ ᠤᠨ ᠶᠡᠷᠦᠩᠬᠡᠶᠢᠯᠡᠭᠰᠡᠨ ᠰᠢᠯᠭᠠᠨ ᠦᠨᠡᠯᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠳᠠᠷᠠᠭᠠᠴᠢ ᠶᠢᠨ ᠠᠯᠬᠤᠮ ᠳᠤ ᠠᠳᠠᠯ ᠠᠬᠤᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号