ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/11/30
      11 ᠰᠠᠷ᠎ᠠ ᠶᠢᠨ 24᠎ ᠤ ᠡᠳᠦᠷ ᠠᠴᠠ 25᠎ ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠠᠶᠢᠷᠤᠪ ᠤᠨ ᠲᠣᠬᠤᠶ ᠶᠢᠨ ᠲᠣᠭᠤᠷᠢᠭ᠂ ᠬᠠᠶᠢᠨᠠᠨ ᠲᠣᠭᠤᠷᠢᠭ ᠲᠤ ᠭᠦᠨᠵᠡᠭᠡᠶᠢᠷᠡᠨ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ᠂ ᠪᠠᠶᠢᠭᠤᠯᠵᠤ ᠪᠠᠶᠢᠭ᠎ᠠ ᠬᠡᠰᠡᠭ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠠᠭᠤᠷᠬᠠᠶ ᠶᠢᠨ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠠᠶ ᠯᠢᠨ᠂ ᠬᠤᠲᠠ ᠶᠢᠨ ᠳᠡᠳ᠋ ᠳᠠᠷᠤᠭ᠎ᠠ ᠭᠦᠸᠧ ᠢ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃      11 ᠰᠠᠷ᠎ᠠ ᠶᠢᠨ 24᠎ ᠤ ᠡᠳᠦᠷ᠂ ᠹᠧᠩ ᠰᠢᠤᠸᠠᠢ ᠲᠤᠤ ᠬᠠᠶᠢᠷᠤᠪ ᠤᠨ ᠲᠤᠬᠤᠢ ᠲᠣᠭᠤᠷᠢᠭ ᠤᠨ ᠵᠢᠩ ᠬᠠᠢ ᠴᠧᠩ ᠤᠨ ᠵᠢᠶᠠ ᠲᠠᠢ ᠶᠢᠨ ᠲᠦᠷᠦᠯ ᠵᠦᠢᠯ᠂ ᠶᠢᠨ ᠲᠢᠶᠠᠨ ᠤ ᠭᠤᠷᠪᠠᠳᠤᠭᠠᠷ ᠬᠤᠲᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠮᠢᠨ ᠵᠧᠩ ᠪᠠᠭ᠎ᠠ ᠲᠣᠭᠤᠷᠢᠭ᠂ ᠾᠧ ᠫᠢᠩ ᠵᠡᠭᠦᠨ ᠵᠡᠭᠡᠯᠢ ᠶᠢᠨ ᠬᠤᠶᠢᠲᠤ ᠶᠢᠰᠦᠳᠦᠭᠡᠷ ᠬᠦᠷᠰᠢ ᠵᠡᠷᠭᠡᠯᠡᠳᠡᠭᠡ ᠳᠤ ᠬᠦᠷᠴᠦ᠂ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠪᠤᠴᠠᠭᠠᠨ ᠨᠡᠭᠦᠯᠭᠡᠵᠦ ᠲᠥᠪᠬᠢᠨᠡᠭᠦᠯᠬᠦ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠭ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠠᠬᠢᠴᠠ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠠᠬᠢᠴᠠ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠨᠢ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠲᠠᠢ ᠬᠤᠯᠪᠣᠭᠳᠠᠵᠤ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢᠨ ᠳᠤᠮᠳᠠᠬᠢ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃       11 ᠰᠠᠷ᠎ᠠ ᠶᠢᠨ 25᠎ ᠤ ᠡᠳᠦᠷ᠂ ᠹᠧᠩ ᠰᠢᠤᠸᠠᠢ ᠲᠤᠤ ᠤᠷᠢᠳ ᠬᠤᠵᠢᠳ ᠬᠠᠶᠢᠨᠠᠨ ᠲᠤᠭᠤᠷᠢᠭ᠂ ᠬᠠᠶᠢᠷᠤᠪ ᠤᠨ ᠲᠤᠬᠤᠢ ᠲᠤᠭᠤᠷᠢᠭ ᠲᠤ ᠭᠦᠨᠵᠡᠭᠡᠶᠢᠷᠡᠵᠦ᠂ ᠰᠢᠨ᠎ᠡ ᠡᠨᠧᠷᠭᠢ ᠶᠢᠨ ᠪᠦᠯᠦᠭᠯᠡᠯ ᠺᠣᠮᠫᠠᠨᠢ ᠶᠢᠨ ᠨᠡᠭᠦᠷᠡᠰᠦᠨ ᠠᠭᠤᠷᠬᠠᠢ᠂ ᠵᠦᠩ ᠺᠧ ᠪᠦᠦ ᠴᠧᠩ ᠨᠡᠭᠦᠷᠡᠰᠦᠨ ᠠᠭᠤᠷᠬᠠᠢ ᠪᠣᠯᠤᠨ ᠶᠤᠸᠠᠨ ᠲᠦᠩ ᠴᠠᠩ ᠹᠦ᠋ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠬᠠᠮᠲᠤᠷᠠᠨ ᠵᠠᠰᠠᠬᠤ ᠲᠦᠷᠦᠯ ᠵᠦᠢᠯ ᠂ ᠸᠠᠨ ᠶᠤᠸᠠᠨ ᠵᠠᠳᠠᠭᠠᠢ ᠨᠡᠭᠦᠷᠡᠰᠦᠨ ᠤ ᠦᠢᠯᠡᠰ ᠤᠨ ᠬᠤᠶᠠᠳᠤᠭᠠᠷ ᠮᠠᠯᠲᠠᠯᠲᠠ ᠶᠢᠨ ᠣᠷᠣᠨ ᠤ ᠠᠭᠤᠷᠬᠠᠢ ᠶᠢᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ᠂ ᠳ᠋ᠧ ᠱᠧᠩ ᠪᠦᠯᠦᠭᠯᠡᠯ ᠺᠣᠮᠫᠠᠨᠢ ᠶᠢᠨ ᠭᠤᠷᠪᠠᠳᠤᠭᠠᠷ ᠠᠭᠤᠷᠬᠠᠢ ᠵᠡᠷᠭᠡ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ᠂ ︽ᠬᠤᠶᠠᠷ ᠬᠠᠷᠢᠭᠤᠴᠠᠯᠭ᠎ᠠ ᠬᠤᠶᠠᠷ ᠲᠠᠷᠤᠭ᠎ᠠ ᠶᠢᠨ ᠳᠦᠷᠢᠮ︾᠎ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠳᠠ᠂ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠶᠠᠷᠢᠯᠴᠠᠨ ᠰᠣᠯᠢᠯᠴᠠᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠣᠪᠣᠷ ᠢᠶᠠᠨ ᠢᠯᠡᠳᠬᠡᠬᠦ ᠦᠭᠡ ᠬᠡᠯᠡᠪᠡ᠃ ᠹᠧᠩ ᠰᠢᠤᠸᠠᠢ ᠲᠤᠤ ᠴᠢᠬᠤᠯᠠᠴᠢᠯᠠᠭᠰᠠᠨ ᠨᠢ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠳᠥᠯᠭᠢᠨ ᠠᠬᠢᠭᠤᠯᠬᠤ ᠪᠣᠯ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ ᠡᠷᠬᠡᠪᠰᠢ ᠪᠡᠶᠡᠯᠡᠭᠦᠯᠬᠦ ᠬᠡᠷᠡᠭᠲᠡᠶ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠪᠠ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠡᠮᠬᠢᠯᠡᠨ ᠨᠡᠶᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠮᠠᠭᠠᠳᠯᠠᠨ᠂ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ ᠲᠠᠯ᠎ᠠ ᠪᠠᠷ ᠵᠣᠷᠢᠭᠲᠠᠢ ᠪᠠᠷ ᠪᠣᠳᠠᠲᠠᠢ ᠶᠢ ᠬᠦᠨᠳᠡᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号