ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/1
     11 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 18 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃
         ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠡᠰᠢᠭᠦᠳ ᠤᠨ ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠦᠰᠦᠭ ᠪᠢᠴᠢᠭ ᠤᠨ ᠪᠣᠳᠠᠲᠤ ᠲᠡᠮᠳᠡᠭᠯᠡᠯ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠂ ᠶᠡᠷᠦᠩᠬᠡᠢ ᠱᠦᠵᠢ ᠰᠢ ᠶᠢᠨ ᠫᠢᠩ ᠎ ᠤᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠎ ᠶᠢᠨ ᠲᠤᠬᠠᠢ ᠲᠣᠳᠣᠷᠬᠠᠶᠢᠯᠠᠯᠲᠠ ᠵᠡᠷᠭᠡ ᠶᠢ ᠨᠠᠷᠢᠨ ᠰᠤᠷᠤᠯᠴᠠᠪᠠ︔ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢᠨ ᠬᠠᠮᠲᠤ ᠰᠤᠳᠤᠯᠤᠨ ᠶᠠᠷᠢᠯᠴᠠᠬᠤ  ᠮᠠᠲ᠋ᠧᠷᠢᠶᠠᠯ ᠢᠶᠠᠨ ᠲᠤᠰᠢᠶᠠᠪᠠ᠃        ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠤᠳᠤᠷᠢᠳᠤᠯᠭ᠎ᠠ ᠠᠴᠠ ᠵᠢᠭᠠᠵᠤ ᠭᠠᠷᠭᠠᠭᠰᠠᠨ ᠨᠢ᠂  ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠲᠣᠰ ᠲᠣᠰ ᠥᠪᠡᠷᠰᠡᠳ ᠤᠨ ᠪᠣᠳᠠᠲᠠᠶ ᠠᠵᠢᠯ ᠲᠠᠢ ᠪᠠᠨ ᠤᠶᠠᠯᠳᠤᠭᠤᠯᠤᠨ ᠲᠠᠨᠢᠯᠲᠠ᠂ ᠲᠥᠷᠥᠭᠳᠡᠯ ᠢᠶᠠᠨ ᠶᠠᠷᠢᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠲᠠᠯ᠎ᠠ ᠪᠠᠷ ᠵᠢᠱᠢᠭᠰᠡᠨ ᠦᠷ᠎ᠡ ᠪᠦᠲᠦᠮᠵᠢ ᠳᠡᠭᠡᠨ ᠬᠥᠷᠪᠡ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠤᠯᠴᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢᠶᠠᠨ ᠴᠢᠩᠭᠠᠳᠬᠠᠵᠤ᠂ ᠠᠵᠢᠯ ᠤᠨ ᠲᠤᠷᠰᠢᠯᠭ᠎ᠠ ᠪᠠᠨ ᠴᠠᠭ ᠲᠤᠬᠠᠢ ᠳᠤᠨᠢ ᠡᠮᠬᠢᠯᠡᠬᠦ ᠪᠠ ᠳ᠋ᠦᠩᠨᠡᠬᠦ ᠬᠡᠷᠡᠭᠲᠡᠢ  ᠭᠡᠵᠠᠢ᠃    ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠬᠦᠴᠦᠨ ᠴᠢᠳᠠᠯ ᠪᠠ ᠤᠶᠤᠨ ᠤᠬᠠᠭᠠᠨ ᠢᠶᠠᠨ ᠪᠦᠭᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠲᠦᠷᠭᠡᠨ ᠭᠠᠷᠭᠠᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠡᠳᠬᠢᠯ ᠲᠠᠯᠪᠢᠨ ᠰᠤᠷᠤᠯᠴᠠᠵᠤ᠂ ᠰᠡᠳᠬᠢᠯᠭᠡ ᠪᠠᠷ ᠢᠶᠠᠨ ᠶᠠᠷᠢᠵᠤ᠂ ᠬᠦᠴᠦᠯᠡᠨ ᠬᠢᠬᠦ ᠬᠡᠷᠡᠭᠲᠡᠢ᠃ ᠡᠭᠦᠨ ᠤ ᠬᠠᠮᠲᠤ᠂ ᠭᠦᠨᠵᠡᠭᠡᠶ ᠰᠤᠷᠤᠯᠴᠠᠵᠤ ᠰᠤᠳᠤᠯᠤᠨ ᠶᠠᠷᠢᠯᠴᠠᠬᠤ ᠶᠢ ᠰᠠᠶᠢᠲᠤᠷ ᠠᠳᠬᠤᠵᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠦᠷᠦᠭᠦᠯᠡᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠵᠢᠯᠣᠭᠤᠳᠬᠤ ᠠᠭᠤᠯᠭ᠎ᠠ ᠪᠣᠯᠭᠠᠵᠤ᠂ ᠬᠢᠨᠠᠮᠠᠭᠠᠶ ᠰᠤᠷᠤᠯᠴᠠᠨ ᠰᠤᠳᠤᠯᠵᠤ᠂ ᠣᠶᠤᠨ ᠰᠠᠨᠠᠭᠠᠨ ᠳᠤᠨᠢ ᠬᠠᠳᠠᠩᠰᠢᠭᠤᠯᠵᠤ᠂ ᠮᠡᠳᠡᠬᠦᠶ ᠬᠢᠬᠦᠶ ᠶᠢ ᠨᠢᠭᠡᠳᠬᠡᠬᠦ ᠬᠡᠷᠡᠭᠲᠡᠶ᠃ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠰᠠᠶᠢᠲᠤᠷ ᠠᠳᠬᠤᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号