ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠦᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/1
  ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠦᠳᠦᠭᠡᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠳᠠ ᠶᠢᠨ ᠨᠠᠮ ‍ᠤᠨ‌ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
     ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠪᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢ ᠬᠦᠴᠦᠨ ᠥᠬᠡᠶ ᠪᠣᠯᠭᠠᠬᠤ ᠪᠤᠶᠤ ᠬᠦᠴᠦᠨ ᠵᠤᠶᠢᠯ ᠤᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠦᠷ᠎ᠡ ᠠᠰᠢᠭ ᠢᠶᠠᠷ ᠳᠣᠤᠷ᠎ᠠ ᠡᠵᠡᠯᠡᠨ ᠬᠡᠷᠡᠭᠯᠡᠬᠦ ᠬᠠᠮᠢᠶ᠎ᠠ ᠪᠥᠬᠦᠶ ᠠᠵᠢᠯ ᠢ ᠢᠯᠭᠠᠷᠠᠭᠤᠯᠤᠨ ᠭᠠᠷᠭᠠᠬᠤ︔ ᠨᠡᠶᠢᠭᠡᠮ ᠤᠨ ᠠᠶᠤᠯ ᠲᠦᠭᠰᠢᠭᠦᠷᠢ ᠶᠢ ᠲᠣᠭᠲᠠᠪᠤᠷᠢᠵᠢᠭᠤᠯᠬᠤ ᠶᠢ ᠰᠡᠷᠭᠡᠶᠢᠯᠡᠨ ᠡᠵᠡᠮᠳᠡᠵᠦ ᠠᠷᠢᠯᠭᠠᠬᠤ ᠲᠣᠭᠲᠠᠴᠠ ᠶᠢᠨ ᠬᠤᠯᠪᠣᠭᠳᠠᠯ ᠪᠥᠬᠦᠶ ᠠᠵᠢᠯ︔ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠲᠤᠰᠬᠠᠶ ᠰᠡᠳᠦᠪ ᠢ ᠲᠥᠷᠥᠯ ᠬᠤᠪᠢᠶᠠᠨ ᠠᠷᠢᠯᠭᠠᠬᠤ ᠪᠠᠷᠢᠮᠵᠢᠶ᠎ᠠ᠂ ᠵᠢᠷᠤᠮ ᠢ ᠪᠠᠶᠢᠭᠤᠯᠵᠤ᠂ ᠠᠵᠢᠯ ᠢᠶᠠᠷ ᠬᠤᠯᠪᠣᠭᠳᠠᠯ ᠪᠦᠬᠦᠢ ᠠᠵᠢᠯ ᠢ ᠵᠢᠭᠠᠨ ᠵᠢᠯᠣᠭᠤᠳᠤᠨ᠎ᠠ᠃ᠰᠠᠯᠠᠭ᠎ᠠ ᠮᠥᠴᠢᠷ ᠤᠳ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠲᠤ ᠣᠷᠣᠵᠤ ᠰᠠᠭᠤᠭᠠᠳ ᠠᠵᠢᠯ ᠤᠨ ᠬᠠᠮᠵᠢᠯᠴᠠᠬᠤ ᠲᠣᠭᠲᠠᠴᠠ ᠶᠢ ᠬᠥᠲᠥᠯᠦᠨ ᠵᠢᠯᠣᠭᠤᠳᠤᠨ᠎ᠠ︔ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠣᠪᠴᠢᠶ᠎ᠠ ᠣᠷᠣᠨ ᠲᠤᠭ᠎ᠠ ᠶᠢᠨ ᠠᠯᠪᠠᠨ ᠬᠡᠷ ᠲᠠᠢ ᠬᠠᠮᠵᠢᠯᠴᠠᠨ᠂ ᠲᠣᠮᠣ ᠳ᠋ᠠᠶᠢᠲ᠋ᠠ ᠶᠢᠨ ᠡᠭᠦᠷᠭᠡ ᠴᠢᠳᠠᠪᠤᠷᠢ ᠶᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠠᠵᠢᠯ ᠲᠠᠢ ᠠᠭᠤᠰᠤᠯᠴᠠᠭᠤᠯᠵᠤ᠂ ᠪᠡᠭᠡᠵᠢᠩ᠂ ᠬᠤᠵᠧᠤ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠬᠢᠭᠡᠳ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠲᠤᠰᠬᠠᠶ ᠠᠩᠭᠢ ᠪᠠᠶᠢᠭᠤᠯᠵᠤ 12345 ᠤᠶᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠬᠤᠯᠪᠣᠭᠳᠠᠯ ᠪᠥᠬᠦᠶ ᠠᠵᠢᠯ ᠢ ᠰᠤᠳᠤᠯᠪᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠤᠯᠪᠣᠭᠳᠠᠯ ᠪᠦᠬᠦᠢ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ︔ ᠠᠵᠤ ᠠᠬᠤᠶᠢᠯᠠᠯ ᠤᠨ ᠭᠤᠣᠯ ᠴᠣᠭᠴᠠ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠦᠪᠰᠢᠨ ᠤ ᠬᠠᠮᠢᠶᠠᠷᠤᠨ ᠡᠵᠡᠮᠳᠡᠬᠦ ᠴᠢᠳᠠᠪᠤᠷᠢ ᠶᠢᠨ ᠥᠭᠡᠷᠡᠴᠢᠯᠡᠯᠲᠡ ᠶᠢᠨ ᠠᠵᠢᠯ ᠢ ᠳᠡᠭᠡᠭᠰᠢᠯᠡᠭᠦᠯᠬᠦ ᠶᠢᠨ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠰᠦᠨ ᠬᠤᠤ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠬᠤ ᠨᠢ ᠭᠤᠣᠯᠳᠠᠭᠤ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠵᠤ ᠠᠬᠤᠢ ᠨᠡᠶᠢᠭᠡᠮ ᠤᠨ ᠠᠵᠢᠯᠯᠠᠭᠠᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ︔ ᠨᠡᠩ ᠤᠯᠠᠨ ᠰᠠᠯᠠᠭ᠎ᠠ ᠮᠥᠴᠢᠷ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠲᠤ ᠣᠷᠣᠬᠤ ᠶᠢ ᠠᠬᠢᠭᠤᠯᠵᠤ᠂ ᠵᠠᠰᠠᠯᠲᠠ ᠶᠢᠨ ᠲᠥᠪ ᠤᠨ ᠲᠠᠪᠴᠠᠩ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠵᠥᠷᠢᠴᠡᠯ ᠵᠠᠭᠤᠷᠠᠯᠳᠤᠭᠠᠨ ᠢ ᠲᠤᠬᠢᠷᠠᠭᠤᠯᠬᠤ ᠦᠵᠦᠭᠦᠷ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠵᠥᠷᠢᠴᠡᠯ ᠵᠠᠭᠤᠷᠠᠯᠳᠤᠭᠠᠨ ᠢ ᠨᠢᠭᠡ ᠯᠡ ᠦᠷᠳᠡᠭᠡ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠦᠬᠠᠢ ᠬᠤᠳᠠ ᠶᠢᠨ ᠬᠤᠲᠠᠴᠢᠯᠠᠯᠲᠠ ᠶᠢᠨ ᠲᠦᠪᠰᠢᠨ ᠥᠨᠳᠥᠷ᠂ ᠬᠤᠳᠠ ᠬᠥᠳᠡᠭᠡ ᠶᠢᠨ ᠵᠠᠢ ᠣᠶᠢᠷᠠᠯᠴᠠᠭ᠎ᠠ ᠪᠠᠶᠢᠬᠤ ᠳᠠᠪᠠᠭᠤᠯᠢᠭ ᠲᠠᠢ ᠤᠶᠠᠯᠳᠤᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠠᠷᠢᠶᠠᠯᠠᠬᠤ ᠣᠷᠣᠨ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ ᠬᠡᠷᠡᠭᠲᠡᠢ︔ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠠᠶᠢᠳᠠᠯ ᠢ ᠣᠶᠢᠯᠠᠭᠠᠵᠤ ᠂ ᠲᠦᠷᠦᠯ ᠬᠤᠪᠢᠶᠠᠨ ᠲᠤᠬᠢᠷᠠᠭᠤᠯᠤᠯᠳᠠ ᠬᠢᠵᠦ᠂ ᠰᠢᠯᠢᠳᠡᠭᠵᠢᠭᠦᠯᠬᠦ ᠲᠥᠰᠦᠯ ᠳᠤᠷᠠᠳᠴᠤ᠂ ᠦᠢᠯᠡᠳᠪᠦᠷᠢᠯᠡᠯ ᠡᠵᠡᠩᠨᠡᠯᠲᠡ ᠪᠠᠷ ᠤᠳᠤᠷᠢᠳᠤᠮᠵᠢ ᠪᠣᠯᠭᠠᠵᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠲᠥᠰᠦᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠳᠤᠷᠠᠳᠴᠤ᠂ ᠰᠢᠨᠵᠢᠯᠡᠬᠦ ᠤᠬᠠᠭᠠᠨᠴᠢ ᠪᠠᠷ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ᠂ ᠢᠯᠡ ᠲᠣᠳᠣ ᠡᠳ᠋ ᠤᠨ ᠶᠠᠪᠤᠳᠠᠯ ᠤᠨ ᠲᠣᠭᠲᠠᠴᠠ᠂ ᠠᠵᠢᠯ ᠤᠨ ᠪᠦᠲᠦᠮᠵᠢ ᠪᠠᠷ ᠤᠳᠤᠷᠢᠳᠤᠮᠵᠢ ᠪᠣᠯᠭᠠᠬᠤ ᠬᠥᠯᠥᠰᠥ ᠣᠯᠭᠤᠮᠵᠢ ᠶᠢᠨ ᠲᠣᠭᠲᠠᠴᠠ ᠶᠢ ᠪᠠᠶᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠦᠲᠦᠮᠵᠢᠲᠡᠢ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠦᠪᠰᠢᠨ ᠪᠣᠯᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号